ᠡᠷᠭᠦᠨ᠎ᠡ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ
ᠨᠡᠶᠢᠲᠡᠯᠡᠭᠰᠡᠨ ᠴᠠᠭ᠄
2024/9/18
     ᠭᠤᠤᠯ ᠡᠭᠦᠷᠭᠡ ᠬᠠᠷᠢᠭᠤᠴᠠᠯᠭ᠎ᠠ :        ︵ᠨᠢᠭᠡ︶ ᠤᠯᠤᠰ᠂ ᠦᠪᠡᠷᠲᠡᠭᠡᠨ ᠵᠠᠰᠠᠬᠤ ᠤᠷᠤᠨ᠂ ᠬᠦᠯᠦᠨ ᠪᠤᠶᠢᠷ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠤᠬᠠᠢ ᠬᠠᠤᠯᠢ ᠴᠠᠭᠠᠵᠠ ᠬᠠᠤᠯᠢ ᠳᠦᠷᠢᠮ ᠵᠢᠴᠢ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠪᠦᠬᠦ ᠠᠷᠠᠳ ᠢᠶᠠᠷ ᠢᠶᠠᠨ ᠦᠮᠴᠢᠯᠡᠵᠦ ᠪᠠᠶᠢᠭ᠎ᠠ ᠭᠠᠵᠠᠷ ᠰᠢᠷᠤᠢ᠂ ᠠᠭᠤᠷᠬᠠᠢ᠂ ᠤᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠤᠰᠤ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠦᠮᠴᠢᠯᠡᠭᠴᠢ ᠶᠢᠨ ᠡᠭᠦᠷᠭᠡ ᠬᠠᠷᠢᠭᠤᠴᠠᠯᠭ᠎ᠠ ᠪᠤᠯᠤᠨ ᠤᠯᠤᠰ ᠤᠨ ᠪᠤᠢ ᠪᠦᠬᠦᠢ ᠤᠷᠤᠨ ᠵᠠᠢ ᠶᠢᠨ ᠬᠡᠷᠡᠭᠯᠡᠯᠲᠡ ᠶᠢ ᠬᠠᠮᠢᠶᠠᠷᠬᠤ ᠬᠠᠷᠢᠭᠤᠴᠠᠯᠭ᠎ᠠ ᠶᠢ ᠭᠦᠢᠴᠡᠳᠭᠡᠨ᠎ᠡ᠃ ᠳᠡᠭᠡᠲᠦ ᠱᠠᠲᠤᠨ ᠤ ᠲᠤᠭᠲᠠᠭᠠᠭᠰᠠᠨ ᠬᠤᠯᠪᠤᠭᠳᠠᠯ ᠪᠦᠬᠦᠢ ᠬᠠᠮᠢᠶᠠᠷᠬᠤ ᠠᠷᠭ᠎ᠠ ᠶᠢ ᠬᠡᠷᠡᠭᠵᠢᠭᠦᠯᠦᠨ᠎ᠡ᠃ ᠰᠤᠮᠤ ᠰᠢᠶᠠᠩ ᠪᠠᠯᠭᠠᠰᠤᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶  ᠤ ᠬᠤᠯᠪᠤᠭᠳᠠᠯ ᠪᠦᠬᠦᠢ ᠠᠵᠢᠯ ᠢ ᠵᠢᠯᠤᠭᠤᠳᠤᠨ᠎ᠠ᠃         ︵ᠬᠤᠶᠠᠷ︶ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠬᠤ᠂ ᠬᠢᠨᠠᠨ ᠬᠡᠮᠵᠢᠬᠦ ᠪᠠ ᠦᠨᠡᠯᠡᠨ᠎ᠡ᠃ ᠤᠯᠤᠰ ᠠᠴᠠ ᠲᠤᠭᠲᠠᠭᠠᠭᠰᠠᠨ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠬᠤ᠂ ᠬᠢᠨᠠᠨ ᠬᠡᠮᠵᠢᠬᠦ ᠪᠠ ᠦᠨᠡᠯᠡᠬᠦ ᠰᠢᠰᠲ᠋ᠧᠮ ᠪᠠ ᠪᠦᠷᠢᠳᠭᠡᠬᠦ ᠪᠠᠷᠢᠮᠵᠢᠶ᠎ᠠ ᠶᠤᠰᠤᠭᠠᠷ᠂ ᠨᠢᠭᠡᠲᠦᠯᠲᠠᠢ᠂ ᠳᠦᠷᠢᠮᠵᠢᠭᠰᠡᠨ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠬᠤ᠂ ᠬᠢᠨᠠᠨ ᠬᠡᠮᠵᠢᠬᠦ ᠪᠠ ᠦᠨᠡᠯᠡᠬᠦ ᠳᠦᠷᠢᠮ ᠢ ᠪᠠᠶᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠦᠨᠳᠦᠰᠦᠨ ᠪᠠᠶᠢᠴᠠᠭᠠᠯᠲᠠ᠂ ᠲᠤᠰᠬᠠᠢ ᠪᠠᠶᠢᠴᠠᠭᠠᠯᠲᠠ ᠪᠠ ᠬᠢᠨᠠᠨ ᠬᠡᠮᠵᠢᠯᠲᠡ ᠶᠢ ᠵᠤᠬᠢᠶᠠᠨ ᠪᠠᠶᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ᠂ ᠬᠢᠨᠠᠨ ᠬᠡᠮᠵᠢᠬᠦ ᠪᠠ ᠦᠨᠡᠯᠡᠭᠰᠡᠨ ᠦᠷ᠎ᠡ ᠪᠦᠲᠦᠭᠡᠯ ᠢ ᠬᠢᠨᠠᠨ ᠬᠠᠮᠢᠶᠠᠷᠬᠤ ᠪᠠ ᠬᠤᠯᠪᠤᠭᠳᠠᠯ ᠪᠦᠬᠦᠢ ᠮᠡᠳᠡᠭᠡ ᠵᠠᠩᠭᠢ ᠶᠢ ᠨᠡᠶᠢᠲᠡᠯᠡᠨ᠎ᠡ᠃         ︵ᠭᠤᠷᠪᠠ︶ ᠪᠠᠶᠢᠭᠠᠯᠢ ᠶᠢᠨ ᠡᠬᠢ ᠪᠠᠶᠠᠯᠢᠭ ᠤᠨ ᠨᠢᠭᠡᠲᠦᠯᠲᠠᠢ ᠡᠷᠬᠡ ᠲᠤᠭᠲᠠᠭᠠᠬᠤ ᠳᠠᠩᠰᠠᠯᠠᠯᠲᠠ ᠶᠢᠨ ᠠᠵᠢᠯ ᠢ ᠬᠠᠷᠢᠭᠤᠴᠠᠨ᠎ᠠ᠃ ᠤᠯᠤᠰ᠂ ᠦᠪᠡᠷᠲᠡᠭᠡᠨ ᠵᠠᠰᠠᠬᠤ ᠤᠷᠤᠨ ᠪᠠ ᠬᠦᠯᠦᠨ ᠪᠤᠶᠢᠷ ᠬᠤᠲᠠ ᠶᠢᠨ ᠲᠤᠭᠲᠠᠭᠠᠭᠰᠠᠨ ᠡᠯ᠎ᠡ ᠲᠦᠷᠦᠯ ᠤᠨ ᠪᠠᠶᠢᠭᠠᠯᠢ ᠶᠢᠨ ᠡᠬᠢ ᠪᠠᠶᠠᠯᠢᠭ ᠪᠠ ᠦᠯᠦ ᠬᠦᠳᠡᠯᠬᠦ ᠬᠦᠷᠦᠩᠭᠡ ᠶᠢ ᠨᠢᠭᠡᠲᠦᠯᠲᠠᠢ ᠳᠠᠩᠰᠠᠯᠠᠬᠤ᠂ ᠡᠷᠬᠡ ᠶᠢᠨ ᠬᠠᠷᠢᠶᠠᠯᠠᠯ ᠢ ᠪᠠᠶᠢᠴᠠᠭᠠᠬᠤ᠂ ᠦᠯᠦ ᠬᠦᠳᠡᠯᠬᠦ ᠬᠦᠷᠦᠩᠭᠡ ᠶᠢ ᠬᠡᠮᠵᠢᠨ ᠵᠢᠷᠤᠭᠯᠠᠬᠤ᠂ ᠮᠠᠷᠭᠤᠯᠳᠤᠭᠠᠨ ᠢ ᠰᠢᠢᠳᠪᠦᠷᠢᠯᠡᠬᠦ ᠳᠤ ᠬᠡᠷᠡᠭᠯᠡᠬᠦ ᠳᠦᠷᠢᠮ᠂ ᠪᠠᠷᠢᠮᠵᠢᠶ᠎ᠠ᠂ ᠳᠦᠷᠢᠮᠵᠢᠯ ᠢ ᠲᠤᠭᠤᠰᠢᠯᠠᠭᠤᠯᠤᠨ᠎ᠠ᠃ ᠪᠦᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠪᠠ ᠦᠯᠦ ᠬᠦᠳᠡᠯᠬᠦ ᠬᠦᠷᠦᠩᠭᠡ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠦᠨᠳᠦᠰᠦᠨ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠪᠠ ᠦᠯᠦ ᠬᠦᠳᠡᠯᠬᠦ ᠬᠦᠷᠦᠩᠭᠡ ᠶᠢ ᠳᠠᠩᠰᠠᠯᠠᠭᠰᠠᠨ ᠪᠢᠴᠢᠭ ᠮᠠᠲ᠋ᠧᠷᠢᠶᠠᠯ ᠢ ᠴᠤᠭᠯᠠᠭᠤᠯᠬᠤ᠂ ᠡᠮᠬᠢᠳᠭᠡᠬᠦ᠂ ᠬᠠᠮᠲᠤᠪᠡᠷ ᠬᠡᠷᠡᠭᠯᠡᠬᠦ ᠪᠠ ᠨᠡᠶᠢᠯᠡᠭᠦᠯᠦᠨ ᠬᠠᠮᠢᠶᠠᠷᠤᠨ᠎ᠠ᠃        ︵ᠳᠦᠷᠪᠡ︶ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢ ᠦᠨ᠎ᠡ ᠲᠦᠯᠦᠪᠦᠷᠢ ᠲᠠᠢ ᠬᠡᠷᠡᠭᠯᠡᠬᠦ ᠠᠵᠢᠯ ᠢ ᠬᠠᠷᠢᠭᠤᠴᠠᠨ᠎ᠠ᠃ ᠮᠠᠨ ᠤ ᠬᠤᠲᠠ ᠶᠢᠨ ᠪᠦᠬᠦ ᠠᠷᠠᠳ ᠢᠶᠠᠷ ᠢᠶᠠᠨ ᠦᠮᠴᠢᠯᠡᠵᠦ ᠪᠠᠶᠢᠭ᠎ᠠ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢ ᠬᠠᠷᠭᠤᠭᠤᠯᠤᠨ ᠪᠤᠳᠤᠨ᠎ᠠ᠃ ᠪᠦᠬᠦ ᠠᠷᠠᠳ ᠢᠶᠠᠷ ᠢᠶᠠᠨ ᠦᠮᠴᠢᠯᠡᠵᠦ ᠪᠠᠶᠢᠭ᠎ᠠ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠦᠷᠢ ᠦᠭᠴᠡᠭᠡᠨ ᠤ ᠬᠦᠰᠦᠨᠦᠭᠲᠦ ᠶᠢ ᠵᠤᠬᠢᠶᠠᠨ᠎ᠠ᠃ ᠪᠦᠬᠦ ᠠᠷᠠᠳ ᠢᠶᠠᠷ ᠢᠶᠠᠨ ᠦᠮᠴᠢᠯᠡᠵᠦ ᠪᠠᠶᠢᠭ᠎ᠠ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢ ᠰᠢᠯᠵᠢᠭᠦᠯᠦᠨ ᠦᠭᠬᠦ᠂ ᠳᠦᠷᠢᠶᠡᠰᠦᠯᠡᠬᠦ᠂ ᠨᠤᠭᠤᠯᠤᠨ ᠪᠤᠳᠤᠵᠤ ᠪᠡᠯᠡ ᠤᠷᠤᠭᠤᠯᠬᠤ ᠪᠤᠯᠤᠨ ᠭᠠᠵᠠᠷ ᠰᠢᠷᠤᠢ ᠶᠢᠨ ᠨᠦᠬᠡᠴᠡ ᠶᠢᠨ ᠲᠤᠬᠠᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠎ᠡ᠃ ᠪᠦᠬᠦ ᠠᠷᠠᠳ ᠢᠶᠠᠷ ᠢᠶᠠᠨ ᠦᠮᠴᠢᠯᠡᠵᠦ ᠪᠠᠶᠢᠭ᠎ᠠ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢ ᠵᠤᠬᠢᠰᠲᠠᠢ ᠲᠤᠬᠢᠷᠠᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠦᠨ᠎ᠡ ᠦᠷᠲᠡᠭ ᠢ ᠦᠨᠡᠯᠡᠨ ᠬᠠᠮᠢᠶᠠᠷᠤᠨ᠎ᠠ᠃ ᠡᠷᠬᠡ ᠶᠢᠨ ᠬᠢᠵᠠᠭᠠᠷ ᠶᠤᠰᠤᠭᠠᠷ᠂ ᠬᠤᠯᠪᠤᠭᠳᠠᠯ ᠪᠦᠬᠦᠢ ᠡᠳ᠋ ᠬᠦᠷᠦᠩᠭᠡ ᠶᠢᠨ ᠠᠰᠢᠭ ᠤᠷᠤᠯᠭ᠎ᠠ ᠶᠢ ᠬᠤᠷᠢᠶᠠᠨ ᠠᠪᠤᠨ᠎ᠠ᠃         ︵ᠲᠠᠪᠤ︶ ᠪᠠᠶᠢᠭᠠᠯᠢ ᠶᠢᠨ ᠡᠬᠢ ᠪᠠᠶᠠᠯᠢᠭ ᠢ ᠵᠦᠢ ᠵᠤᠬᠢᠰᠲᠠᠢ ᠨᠡᠭᠡᠭᠡᠨ ᠠᠰᠢᠭᠯᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠬᠦᠭᠵᠢᠯᠲᠡ ᠶᠢᠨ ᠲᠦᠯᠦᠪᠵᠢᠭᠦᠯᠭᠡ ᠶᠢ ᠨᠠᠶᠢᠳᠠᠪᠤᠷᠢᠵᠢᠭᠤᠯᠤᠨ᠎ᠠ᠃ ᠤᠯᠤᠰ᠂ ᠦᠪᠡᠷᠲᠡᠭᠡᠨ ᠵᠠᠰᠠᠬᠤ ᠤᠷᠤᠨ᠂ ᠬᠦᠯᠦᠨ ᠪᠤᠶᠢᠷ ᠬᠤᠲᠠᠨ ᠤ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠᠷᠢᠮᠵᠢᠶ᠎ᠠ ᠶᠢ ᠲᠤᠤᠱᠯᠠᠭᠤᠯᠤᠨ᠎ᠠ᠃ ᠵᠠᠰᠠᠭ ᠤᠨ ᠤᠷᠳᠤᠨ ᠤ ᠪᠠᠶᠢᠭᠠᠯᠢ ᠶᠢᠨ ᠡᠬᠢ ᠪᠠᠶᠠᠯᠢᠭ ᠤᠨ ᠦᠨ᠎ᠡ ᠬᠠᠩᠰᠢ ᠶᠢ ᠢᠯᠡ ᠨᠡᠶᠢᠲᠡᠯᠡᠬᠦ ᠰᠢᠰᠲ᠋ᠧᠮ ᠢ ᠪᠠᠶᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠢ ᠲᠦᠷᠦᠯ ᠬᠤᠪᠢᠶᠠᠨ᠂ ᠦᠨ᠎ᠡ ᠬᠠᠩᠰᠢ ᠶᠢ ᠨᠢ ᠦᠨᠡᠯᠡᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠠᠰᠢᠭᠯᠠᠯᠲᠠ ᠶᠢ ᠦᠨᠡᠯᠡᠨ᠎ᠡ᠃ ᠪᠠᠶᠢᠭᠠᠯᠢ ᠶᠢᠨ ᠡᠬᠢ ᠪᠠᠶᠠᠯᠢᠭ ᠢ ᠠᠷᠪᠢᠯᠠᠨ ᠭᠠᠮᠨᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠵᠠᠬ᠎ᠠ ᠳᠡᠯᠭᠡᠭᠦᠷ ᠢ ᠬᠢᠨᠠᠨ ᠬᠠᠮᠢᠶᠠᠷᠤᠨ᠎ᠠ ᠃ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠳᠤ ᠬᠤᠯᠪᠤᠭᠳᠠᠬᠤ ᠬᠤᠷᠸ᠎ᠠ ᠲᠤᠬᠢᠷᠠᠭᠤᠯᠭ᠎ᠠ ᠡᠵᠡᠮᠰᠢᠯ᠂ ᠤᠷᠤᠨ ᠪᠦᠰᠡ ᠶᠢᠨ ᠵᠤᠬᠢᠴᠠᠭᠤᠯᠭ᠎ᠠ ᠪᠤᠯᠤᠨ ᠬᠤᠲᠠ ᠬᠦᠳᠡᠭᠡ ᠶᠢ ᠨᠢᠭᠡᠲᠦᠯᠲᠠᠢ ᠲᠦᠯᠦᠪᠯᠡᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃        ︵ᠵᠢᠷᠭᠤᠭ᠎ᠠ︶ ᠤᠷᠤᠨ ᠵᠠᠢ ᠶᠢᠨ ᠲᠦᠯᠦᠪᠵᠢᠭᠦᠯᠭᠡ ᠶᠢᠨ ᠰᠢᠰᠲ᠋ᠧᠮ ᠢ ᠪᠠᠶᠢᠭᠤᠯᠬᠤ ᠪᠠ ᠬᠢᠨᠠᠨ ᠬᠡᠷᠡᠭᠵᠢᠭᠦᠯᠦᠨ᠎ᠡ᠃ ᠭᠤᠤᠯ ᠴᠢᠳᠠᠮᠵᠢ ᠶᠢᠨ ᠤᠷᠤᠨ ᠤ ᠪᠠᠶᠢᠯᠳᠤᠬᠤ ᠪᠤᠳᠤᠯᠭ᠎ᠠ ᠪᠤᠯᠤᠨ ᠳᠦᠷᠢᠮ ᠢ ᠲᠤᠤᠱᠯᠠᠭᠤᠯᠤᠨ᠎ᠠ᠃ ᠪᠦᠬᠦ ᠬᠤᠲᠠ ᠶᠢᠨ ᠤᠷᠤᠨ ᠵᠠᠢ ᠶᠢᠨ ᠲᠦᠯᠦᠪᠵᠢᠭᠦᠯᠭᠡ᠂ ᠬᠤᠯᠪᠤᠭᠳᠠᠯ ᠪᠦᠬᠦᠢ ᠲᠤᠰᠬᠠᠢ ᠲᠦᠷᠦᠯ ᠤᠨ ᠲᠦᠯᠦᠪᠵᠢᠭᠦᠯᠭᠡ᠂ ᠡᠵᠡᠮᠳᠡᠯ ᠤᠨ ᠴᠢᠨᠠᠷᠲᠠᠢ ᠨᠠᠷᠢᠨ ᠲᠦᠯᠦᠪᠵᠢᠭᠦᠯᠭᠡ᠂ ᠬᠤᠲᠠ ᠶᠢᠨ ᠲᠦᠯᠦᠪᠯᠡᠭᠡ᠂ ᠬᠦᠳᠡᠭᠡ ᠲᠤᠰᠬᠤᠨ ᠤ ᠲᠦᠯᠦᠪᠵᠢᠭᠦᠯᠭᠡ ᠶᠢ ᠲᠤᠭᠲᠠᠭᠠᠬᠤ ᠠᠵᠢᠯ ᠢ ᠬᠠᠷᠢᠭᠤᠴᠠᠬᠤ ᠮᠦᠷᠲᠡᠭᠡᠨ ᠬᠢᠨᠠᠨ ᠬᠡᠷᠡᠭᠵᠢᠭᠦᠯᠦᠨ᠎ᠡ᠃ ᠠᠮᠢ ᠠᠬᠤᠢ ᠶᠢᠨ ᠬᠠᠮᠠᠭᠠᠯᠠᠯᠲᠡ ᠶᠢᠨ ᠬᠤᠷᠢᠭ᠎ᠠ ᠱᠤᠭᠤᠮ᠂ ᠦᠨᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ᠂ ᠬᠤᠲᠠ ᠪᠠᠯᠭᠠᠰᠤᠨ ᠤ ᠨᠡᠭᠡᠭᠡᠨ ᠠᠰᠢᠭᠯᠠᠬᠤ ᠵᠠᠭᠠᠭ ᠵᠡᠷᠭᠡ ᠶᠢ ᠲᠤᠭᠲᠠᠭᠠᠨ᠎ᠠ᠃ ᠡᠬᠢ ᠪᠠᠶᠠᠯᠢᠭ ᠢ ᠠᠷᠪᠢᠯᠠᠬᠤ ᠪᠤᠯᠤᠨ ᠤᠷᠴᠢᠨ ᠲᠤᠭᠤᠷᠢᠨ ᠢ ᠬᠠᠮᠠᠭᠠᠯᠠᠬᠤ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ ᠶᠢᠨ ᠤᠷᠤᠨ ᠵᠠᠢ ᠶᠢᠨ ᠪᠠᠶᠢᠷᠢᠯᠠᠭᠤᠯᠤᠯᠲᠡ ᠶᠢ ᠪᠠᠶᠢᠭᠤᠯᠤᠨ᠎ᠠ᠃ ᠤᠯᠤᠰ ᠤᠨ ᠭᠠᠵᠠᠷ ᠰᠢᠷᠤᠢ ᠶᠢᠨ ᠤᠷᠤᠨ ᠵᠠᠢ ᠶᠢ ᠨᠡᠭᠡᠭᠡᠨ ᠠᠰᠢᠭᠯᠠᠬᠤ ᠲᠤᠬᠢᠷᠠᠮᠵᠢᠲᠠᠢ ᠴᠢᠨᠠᠷ ᠢ ᠦᠨᠡᠯᠡᠨ᠎ᠡ᠃ ᠤᠯᠤᠰ ᠤᠨ ᠭᠠᠵᠠᠷ ᠰᠢᠷᠤᠢ ᠶᠢᠨ ᠤᠷᠤᠨ ᠵᠠᠢ ᠶᠢᠨ ᠲᠦᠯᠦᠪᠵᠢᠭᠦᠯᠭᠡ ᠶᠢ ᠲᠤᠭᠲᠠᠭᠠᠨ᠂ ᠬᠢᠨᠠᠨ ᠬᠡᠮᠵᠢᠬᠦ᠂ ᠦᠨᠡᠯᠡᠬᠦ ᠪᠠ ᠤᠷᠢᠳᠴᠢᠯᠠᠨ ᠰᠡᠷᠡᠮᠵᠢᠯᠡᠬᠦ ᠰᠢᠰᠲ᠋ᠧᠮ ᠢ ᠬᠡᠷᠡᠭᠵᠢᠭᠦᠯᠦᠨ᠎ᠡ᠃ ᠤᠯᠤᠰ ᠤᠨ ᠭᠠᠵᠠᠷ ᠰᠢᠷᠤᠢ ᠶᠢᠨ ᠤᠷᠤᠨ ᠵᠠᠢ ᠶᠢᠨ ᠬᠡᠷᠡᠭᠴᠡᠭᠡ ᠶᠢ ᠬᠠᠮᠢᠶᠠᠷᠬᠤ ᠳᠦᠷᠢᠮ ᠢ ᠬᠡᠷᠡᠭᠵᠢᠭᠦᠯᠦᠨ᠎ᠡ᠃ ᠬᠤᠲᠠ ᠪᠠᠯᠭᠠᠰᠤᠨ ᠤ ᠲᠦᠯᠦᠪᠵᠢᠭᠦᠯᠭᠡ ᠶᠢ ᠰᠤᠳᠤᠯᠤᠨ ᠲᠤᠭᠲᠠᠭᠠᠬᠤ ᠮᠦᠷᠲᠡᠭᠡᠨ ᠬᠢᠨᠠᠨ ᠬᠡᠷᠡᠭᠵᠢᠭᠦᠯᠦᠨ᠎ᠡ᠃ ᠭᠠᠵᠠᠷ ᠰᠢᠷᠤᠢ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠤᠨ ᠤ ᠠᠰᠢᠭᠯᠠᠬᠤ ᠲᠦᠯᠦᠪᠯᠡᠭᠡ ᠶᠢ ᠲᠤᠭᠲᠠᠭᠠᠨ ᠬᠡᠷᠡᠭᠵᠢᠭᠦᠯᠦᠨ᠎ᠡ᠃ ᠭᠠᠵᠠᠷ ᠰᠢᠷᠤᠢ ᠵᠡᠷᠭᠡ ᠤᠷᠤᠨ ᠵᠠᠢ ᠶᠢ ᠰᠢᠯᠵᠢᠭᠦᠯᠦᠨ ᠬᠡᠷᠡᠭᠯᠡᠨ᠎ᠡ᠃ ᠭᠠᠵᠠᠷ ᠰᠢᠷᠤᠢ ᠶᠢ ᠲᠠᠲᠠᠪᠤᠷᠢᠯᠠᠨ ᠠᠪᠬᠤ ᠪᠠ ᠲᠠᠲᠠᠪᠤᠷᠢᠯᠠᠨ ᠬᠡᠷᠡᠭᠯᠡᠬᠦ ᠶᠢ ᠬᠠᠷᠢᠭᠤᠴᠠᠨ᠎ᠠ᠃        ︵ᠳᠤᠯᠤᠭ᠎ᠠ︶ ᠤᠯᠤᠰ ᠤᠨ ᠭᠠᠵᠠᠷ ᠰᠢᠷᠤᠢ ᠶᠢᠨ ᠤᠷᠤᠨ ᠵᠠᠢ ᠶᠢᠨ ᠠᠮᠢ ᠠᠬᠤᠢ ᠶᠢ ᠰᠡᠷᠭᠦᠭᠡᠨ ᠵᠠᠰᠠᠨ᠎ᠠ᠃ ᠤᠯᠤᠰ ᠤᠨ ᠭᠠᠵᠠᠷ ᠰᠢᠷᠤᠢ ᠶᠢᠨ ᠤᠷᠤᠨ ᠵᠠᠢ ᠶᠢᠨ ᠠᠮᠢ ᠠᠬᠤᠢ ᠶᠢ ᠰᠡᠷᠭᠦᠭᠡᠨ ᠵᠠᠰᠠᠬᠤ ᠲᠦᠯᠦᠪᠯᠡᠭᠡ ᠶᠢ ᠲᠤᠭᠲᠠᠭᠠᠬᠤ ᠮᠦᠷᠲᠡᠭᠡᠨ ᠬᠠᠮᠢᠶ᠎ᠠ ᠪᠦᠬᠦᠢ ᠠᠮᠢ ᠠᠬᠤᠢ ᠶᠢ ᠰᠡᠷᠭᠦᠭᠡᠨ ᠵᠠᠰᠠᠬᠤ ᠢᠨᠵᠧᠨᠧᠷᠢᠩ ᠢ ᠬᠡᠷᠡᠭᠵᠢᠭᠦᠯᠦᠨ᠎ᠡ᠃ ᠵᠠᠰᠠᠭ ᠤᠨ ᠤᠷᠳᠤᠨ ᠠᠴᠠ ᠪᠡᠯᠡ ᠤᠷᠤᠭᠤᠯᠤᠭᠰᠠᠨ ᠤᠯᠤᠰ ᠤᠨ ᠭᠠᠵᠠᠷ ᠰᠢᠷᠤᠢ ᠶᠢᠨ ᠤᠷᠤᠨ ᠵᠠᠢ ᠶᠢ ᠶᠡᠷᠦᠩᠬᠡᠶᠢᠯᠡᠨ ᠴᠡᠭᠴᠡᠯᠡᠬᠦ᠂ ᠭᠠᠵᠠᠷ ᠰᠢᠷᠤᠢ ᠶᠢ ᠵᠠᠰᠠᠵᠤ ᠳᠠᠬᠢᠨᠲᠠ ᠬᠠᠭᠠᠯᠪᠤᠷᠢᠯᠠᠬᠤ᠂ ᠠᠭᠤᠷᠬᠠᠢ ᠶᠢᠨ ᠤᠷᠤᠨ ᠤ ᠤᠷᠴᠢᠨ ᠲᠤᠭᠤᠷᠢᠨ ᠢ ᠰᠡᠷᠭᠦᠨ ᠵᠠᠰᠠᠬᠤ ᠠᠵᠢᠯ ᠢ ᠵᠤᠬᠢᠶᠠᠨ ᠪᠠᠶᠢᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠡ ᠶᠢᠨ ᠨᠦᠬᠦᠪᠦᠷᠢ ᠦᠭᠬᠦ ᠳᠦᠷᠢᠮ ᠢ ᠪᠠᠶᠢᠭᠤᠯᠤᠨ ᠬᠡᠷᠡᠭᠵᠢᠭᠦᠯᠦᠨ᠎ᠡ᠃ ᠨᠡᠶᠢᠭᠡᠮ ᠤᠨ ᠪᠡᠯᠡ ᠮᠦᠩᠭᠦ ᠶᠢ ᠵᠤᠬᠢᠰᠲᠠᠢ ᠠᠰᠢᠭᠯᠠᠵᠤ᠂ ᠠᠮᠢ ᠠᠬᠤᠢ ᠶᠢ ᠰᠡᠷᠭᠦᠬᠦ ᠠᠷᠭ᠎ᠠ ᠬᠡᠮᠵᠢᠶ᠎ᠡ ᠶᠢ ᠲᠤᠭᠲᠠᠭᠠᠨ᠎ᠠ᠃ ᠪᠡᠯᠡᠳᠭᠡᠯ ᠲᠦᠷᠦᠯ ᠵᠦᠢᠯ ᠢ ᠳᠤᠷᠠᠳᠤᠨ᠎ᠠ᠃        ︵ᠨᠠᠢᠮᠠ︶ ᠲᠠᠷᠢᠶᠠᠨ ᠭᠠᠵᠠᠷ ᠢ ᠬᠠᠮᠠᠭᠠᠯᠠᠬᠤ ᠳᠦᠷᠢᠮ ᠢ ᠬᠡᠷᠡᠭᠵᠢᠭᠦᠯᠦᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠲᠦᠷᠦ ᠶᠢᠨ ᠪᠤᠳᠤᠯᠭ᠎ᠠ ᠶᠢ ᠲᠡᠷᠢᠭᠦᠯᠡᠨ ᠬᠡᠷᠡᠭᠵᠢᠭᠦᠯᠦᠨ᠎ᠡ᠃ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠴᠢᠨᠠᠷ ᠴᠢᠨᠰᠠᠭ᠎ᠠ᠂ ᠠᠮᠢ ᠠᠬᠤᠢ ᠶᠢ ᠬᠠᠮᠠᠭᠠᠯᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠬᠠᠷᠠᠯᠲᠠ ᠶᠢ ᠰᠢᠯᠭᠠᠨ ᠬᠢᠨᠠᠬᠤ ᠪᠠ ᠦᠨᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ ᠢ ᠤᠨᠴᠠᠭᠠᠶᠢᠯᠠᠨ ᠬᠠᠮᠠᠭᠠᠯᠠᠨ᠎ᠠ᠃ ᠲᠠᠷᠢᠶᠠᠨ ᠭᠠᠵᠠᠷ ᠢ ᠡᠵᠡᠯᠡᠪᠡᠯ ᠨᠦᠬᠦᠪᠦᠷᠢ ᠦᠭᠬᠦ ᠳᠦᠷᠢᠮ ᠢ ᠲᠤᠭᠤᠰᠢᠯᠠᠭᠤᠯᠤᠨ᠎ᠠ᠃ ᠲᠠᠷᠢᠶᠠᠨ ᠭᠠᠵᠠᠷ ᠢ ᠡᠵᠡᠯᠡᠭᠰᠡᠨ ᠤ ᠳᠠᠷᠠᠭ᠎ᠠ ᠨᠦᠬᠦᠪᠦᠷᠢ ᠦᠭᠬᠦ ᠳᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠡ᠃         ︵ᠶᠢᠰᠦ︶ ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠬᠦ ᠠᠵᠢᠯ ᠢ ᠬᠠᠷᠢᠭᠤᠴᠠᠨ᠎ᠠ᠃ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠲᠦᠯᠦᠪᠵᠢᠭᠦᠯᠭᠡ ᠶᠢᠨ ᠬᠤᠯᠪᠤᠭᠳᠠᠯ ᠪᠦᠬᠦᠢ ᠱᠠᠭᠠᠷᠳᠠᠯᠭ᠎ᠠ ᠶᠢ ᠲᠤᠤᠱᠯᠠᠭᠤᠯᠤᠨ᠎ᠠ᠃ ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠬᠦ ᠲᠦᠯᠦᠪᠯᠡᠭᠡ ᠶᠢ ᠲᠤᠭᠲᠠᠭᠠᠨ ᠬᠡᠷᠡᠭᠵᠢᠭᠦᠯᠦᠨ᠎ᠡ ᠃ ᠭᠠᠵᠠᠷ ᠰᠢᠨᠵᠢᠯᠡᠭᠡᠨ ᠤ ᠭᠠᠮᠰᠢᠭ ᠢ ᠪᠠᠶᠢᠴᠠᠭᠠᠨ ᠦᠨᠡᠯᠡᠬᠦ ᠵᠢᠴᠢ ᠠᠶᠤᠯ ᠲᠦᠭᠰᠢᠭᠦᠷᠢ ᠶᠢ ᠨᠡᠶᠢᠳᠡᠮ ᠪᠠᠶᠢᠴᠠᠭᠠᠬᠤ᠂ ᠨᠢᠮᠪᠠᠢ ᠪᠠᠶᠢᠴᠠᠭᠠᠬᠤ ᠶᠢ ᠵᠤᠬᠢᠴᠠᠭᠤᠯᠤᠨ ᠵᠢᠯᠤᠭᠤᠳᠬᠤ ᠪᠠ ᠬᠢᠨᠠᠯᠲᠠ ᠲᠠᠯᠪᠢᠨ᠎ᠠ᠃ ᠭᠠᠵᠠᠷ ᠰᠢᠨᠵᠢᠯᠡᠭᠡᠨ ᠤ ᠭᠠᠮᠰᠢᠭ ᠢ ᠤᠯᠠᠨ ᠢᠶᠠᠷ ᠢᠶᠠᠨ ᠬᠠᠮᠲᠤᠪᠡᠷ ᠰᠡᠷᠭᠡᠶᠢᠯᠡᠬᠦ᠂ ᠲᠤᠰᠬᠠᠢ ᠬᠢᠨᠠᠨ ᠬᠡᠮᠵᠢᠬᠦ ᠪᠠ ᠤᠷᠢᠳᠴᠢᠯᠠᠨ ᠰᠡᠷᠡᠮᠵᠢᠯᠡᠨ᠎ᠡ᠃ ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠵᠢᠯᠤᠭᠤᠳᠤᠨ᠎ᠠ᠃ ᠭᠠᠵᠠᠷ ᠳᠤᠤᠷᠠᠬᠢ ᠤᠰᠤ ᠶᠢ  ᠬᠡᠲᠤᠷᠡᠲᠡᠯ᠎ᠡ ᠬᠡᠷᠡᠭᠯᠡᠬᠦ ᠵᠢᠴᠢ ᠡᠭᠦᠨ ᠠᠴᠠ ᠪᠤᠯᠤᠭᠰᠠᠨ ᠭᠠᠵᠠᠷ ᠤᠨ ᠨᠢᠭᠤᠷ ᠲᠤᠷᠤᠭᠰᠢ ᠰᠠᠭᠤᠭᠳᠠᠬᠤ ᠵᠡᠷᠭᠡ ᠭᠠᠵᠠᠷ ᠵᠦᠢ ᠶᠢᠨ ᠤᠷᠴᠢᠨ ᠲᠤᠭᠤᠷᠢᠨ ᠤ ᠠᠰᠠᠭᠤᠳᠠᠯ ᠢ ᠬᠢᠨᠠᠨ ᠬᠠᠮᠢᠶᠠᠷᠤᠨ᠎ᠠ᠃        ︵ᠠᠷᠪᠠ︶ ᠠᠭᠤᠷᠬᠠᠢ ᠶᠢᠨ ᠡᠬᠢ ᠪᠠᠶᠠᠯᠢᠭ ᠢ ᠬᠠᠮᠢᠶᠠᠷᠤᠨ᠎ᠠ᠃ ᠪᠦᠬᠦ ᠬᠤᠲᠠ ᠶᠢᠨ ᠭᠠᠵᠠᠷ ᠰᠢᠨᠵᠢᠯᠡᠭᠡᠨ ᠤ ᠠᠵᠢᠯ ᠲᠦᠷᠦᠯ ᠪᠤᠯᠤᠨ ᠭᠠᠵᠠᠷ ᠰᠢᠨᠵᠢᠯᠡᠭᠡᠨ ᠤ ᠠᠵᠢᠯ ᠢ ᠬᠠᠷᠢᠭᠤᠴᠠᠨ᠎ᠠ᠃ ᠮᠠᠨ ᠤ ᠬᠤᠲᠠ ᠶᠢᠨ ᠭᠠᠵᠠᠷ ᠰᠢᠨᠵᠢᠯᠡᠭᠡᠨ ᠤ ᠲᠦᠷᠦᠯ ᠵᠦᠢᠯ ᠢ ᠬᠠᠮᠢᠶᠠᠷᠤᠨ᠎ᠠ᠃ ᠡᠷᠭᠦᠨ᠎ᠡ ᠬᠤᠲᠠ ᠶᠢᠨ ᠴᠢᠬᠤᠯᠠ ᠶᠡᠭᠡ ᠠᠭᠤᠷᠬᠠᠢ ᠶᠢ ᠰᠢᠨᠵᠢᠯᠡᠨ ᠪᠠᠶᠢᠴᠠᠭᠠᠨ᠎ᠠ᠃ ᠡᠷᠲᠡᠨ ᠤ ᠠᠮᠢᠳᠤ ᠪᠤᠳᠡᠰ ᠤᠨ ᠴᠢᠯᠠᠭᠤᠵᠢᠮᠠᠯ ᠢ ᠬᠢᠨᠠᠨ ᠬᠠᠮᠢᠶᠠᠷᠤᠨ᠎ᠠ᠃ ᠭᠤᠤᠯᠳᠠᠯᠭ᠎ᠠ ᠲᠠᠢ ᠠᠭᠤᠷᠬᠠᠢ ᠶᠢᠨ ᠤᠷᠤᠨ ᠤ ᠡᠷᠬᠡ ᠶᠢ ᠲᠤᠭᠲᠠᠭᠠᠬᠤ ᠲᠦᠰᠦᠪ ᠢ ᠲᠤᠤᠱᠯᠠᠭᠤᠯᠤᠨ᠎ᠠ᠃ ᠪᠦᠬᠦ ᠬᠤᠲᠠ ᠶᠢᠨ ᠠᠭᠤᠷᠬᠠᠢ ᠶᠢᠨ ᠡᠷᠬᠡ ᠵᠢᠴᠢ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠡ ᠶᠢ ᠬᠠᠮᠢᠶᠠᠷᠤᠨ᠎ᠠ᠃ ᠠᠭᠤᠷᠬᠠᠢ ᠶᠢᠨ ᠠᠵᠢᠯ ᠲᠦᠷᠦᠯ ᠤᠨ ᠡᠮᠬᠢ ᠲᠢᠭᠯᠢᠮ ᠢ ᠳᠦᠷᠢᠮᠵᠢᠭᠦᠯᠦᠨ ᠴᠡᠭᠴᠡᠯᠡᠨ᠎ᠡ᠃ ᠠᠭᠤᠷᠬᠠᠢ ᠶᠢᠨ ᠤᠷᠤᠨ ᠤ ᠡᠷᠬᠡ ᠶᠢᠨ ᠲᠤᠬᠠᠢ ᠵᠦᠷᠢᠴᠡᠯ ᠮᠠᠷᠭᠤᠯᠳᠤᠭᠠᠨ ᠢ ᠪᠠᠶᠢᠴᠠᠭᠠᠨ ᠰᠢᠢᠳᠪᠦᠷᠢᠯᠡᠨ᠎ᠡ᠃ ᠡᠷᠬᠡ ᠶᠢᠨ ᠬᠢᠵᠠᠭᠠᠷ ᠶᠤᠰᠤᠭᠠᠷ᠂ ᠠᠭᠤᠷᠬᠠᠢ ᠶᠢᠨ ᠡᠷᠬᠡ ᠶᠢ ᠰᠢᠯᠵᠢᠭᠦᠯᠬᠦ ᠵᠢᠴᠢ ᠬᠢᠨᠠᠨ ᠵᠦᠪᠰᠢᠶᠡᠷᠡᠬᠦ ᠳᠠᠩᠰᠠᠯᠠᠯᠲᠠ ᠶᠢᠨ ᠠᠵᠢᠯ ᠢ ᠬᠠᠷᠢᠭᠤᠴᠠᠨ᠎ᠠ᠃ ᠠᠭᠤᠷᠬᠠᠢ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢ ᠬᠠᠮᠢᠶᠠᠷᠤᠨ᠎ᠠ᠃         ︵ᠠᠷᠪᠠᠨ ᠨᠢᠭᠡ︶ ᠭᠠᠵᠠᠷ ᠵᠦᠢ ᠶᠢᠨ ᠰᠤᠷᠠᠭ ᠵᠠᠩᠭᠢ ᠶᠢ ᠬᠡᠮᠵᠢᠨ ᠵᠢᠷᠤᠭᠯᠠᠬᠤ ᠠᠵᠢᠯ ᠢ ᠬᠠᠷᠢᠭᠤᠴᠠᠨ᠎ᠠ᠃ ᠦᠨᠳᠦᠰᠦᠨ ᠬᠡᠮᠵᠢᠨ ᠵᠢᠷᠤᠭᠯᠠᠬᠤ ᠪᠠ ᠬᠡᠮᠵᠢᠨ ᠵᠢᠷᠤᠭᠯᠠᠬᠤ ᠠᠵᠢᠯ ᠲᠦᠷᠦᠯ ᠢ ᠬᠠᠷᠢᠭᠤᠴᠠᠨ᠎ᠠ᠃ ᠬᠡᠮᠵᠢᠨ ᠵᠢᠷᠤᠭᠯᠠᠬᠤ ᠬᠢᠷᠢ ᠭᠡᠮ ᠪᠠ ᠢᠲᠡᠭᠡᠮᠵᠢ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠬᠤᠲᠠ ᠶᠢᠨ ᠭᠠᠵᠠᠷ ᠵᠦᠢ ᠶᠢᠨ ᠰᠤᠷᠠᠭ ᠵᠠᠩᠭᠢ ᠶᠢᠨ ᠠᠮᠤᠷ ᠲᠦᠪᠰᠢᠨ ᠪᠠ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠬᠢᠨᠠᠨ ᠬᠠᠮᠢᠶᠠᠷᠤᠨ᠎ᠠ᠃ ᠭᠠᠵᠠᠷ ᠵᠦᠢ ᠶᠢᠨ ᠰᠤᠷᠠᠭ ᠵᠠᠩᠭᠢ ᠶᠢᠨ ᠤᠯᠠᠨ ᠨᠡᠶᠢᠲᠡ ᠶᠢᠨ ᠦᠢᠯᠡᠴᠢᠯᠡᠭᠡ ᠶᠢ ᠬᠠᠮᠢᠶᠠᠷᠤᠨ᠎ᠠ᠃ ᠬᠡᠮᠵᠢᠯᠲᠡ ᠶᠢᠨ ᠲᠡᠮᠲᠡᠭ ᠢ ᠬᠠᠮᠠᠭᠠᠯᠠᠨ᠎ᠠ᠂         ︵ᠠᠷᠪᠠᠨ ᠬᠤᠶᠠᠷ︶ ᠤᠯᠤᠰ᠂ ᠦᠪᠡᠷᠲᠡᠭᠡᠨ ᠵᠠᠰᠠᠬᠤ ᠤᠷᠤᠨ ᠪᠠ ᠬᠦᠯᠦᠨ ᠪᠤᠶᠢᠷ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠪᠤᠯᠤᠨ ᠤᠯᠤᠰ ᠤᠨ ᠤᠷᠤᠨ ᠵᠠᠢ ᠶᠢᠨ ᠲᠦᠯᠦᠪᠵᠢᠭᠦᠯᠭᠡ ᠶᠢᠨ ᠲᠤᠬᠠᠢ ᠴᠢᠭᠯᠡᠯᠲᠡ᠂ ᠲᠦᠷᠦ ᠶᠢᠨ ᠪᠤᠳᠤᠯᠭ᠎ᠠ᠂ ᠰᠢᠢᠳᠪᠦᠷᠢᠲᠦ ᠪᠤᠳᠤᠯᠭ᠎ᠠ ᠵᠢᠴᠢ ᠬᠠᠤᠯᠢ ᠳᠦᠷᠢᠮ ᠢ ᠬᠡᠷᠡᠭᠵᠢᠭᠦᠯᠦᠭᠰᠡᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠭᠰᠠᠨ ᠰᠠᠨᠠᠯ ᠢ ᠲᠤᠭᠤᠰᠢᠯᠠᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠤᠯᠤᠰ ᠤᠨ ᠤᠷᠤᠨ ᠵᠠᠢ ᠶᠢ ᠲᠦᠯᠦᠪᠯᠡᠵᠦ᠂ ᠬᠡᠮᠵᠢᠨ ᠵᠢᠷᠤᠭᠯᠠᠬᠤ ᠳᠤᠮᠳᠠ ᠡᠭᠦᠰᠦᠭᠰᠡᠨ ᠬᠠᠤᠯᠢ ᠪᠤᠰᠤ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ ᠰᠤᠮᠤ ᠰᠢᠶᠠᠩ ᠪᠠᠯᠭᠠᠰᠤᠨ ︵ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠢᠨᠠᠨ ᠵᠢᠯᠤᠭᠤᠳᠤᠨ᠎ᠠ᠃        ︵ᠠᠷᠪᠠᠨ ᠭᠤᠷᠪᠠ︶ ᠠᠵᠢᠯ ᠤᠨ ᠬᠤᠪᠢᠶᠠᠷᠢᠯᠠᠯ ᠶᠤᠰᠤᠭᠠᠷ᠂ ᠠᠶᠤᠯᠭᠦᠢ ᠦᠢᠯᠡᠳᠪᠦᠷᠢᠯᠡᠯ ᠤᠨ ᠬᠤᠯᠪᠤᠭᠳᠠᠯ ᠪᠦᠬᠦᠢ ᠠᠵᠢᠯ ᠢ ᠬᠠᠷᠢᠭᠤᠴᠠᠨ᠎ᠠ᠃ ᠠᠶᠤᠯᠭᠦᠢ ᠦᠢᠯᠡᠳᠪᠦᠷᠢᠯᠡᠯ ᠢ ᠬᠢᠨᠠᠨ ᠬᠠᠮᠢᠶᠠᠷᠴᠤ ᠪᠠᠶᠢᠭ᠎ᠠ ᠰᠠᠯᠠᠭ᠎ᠠ ᠮᠦᠴᠢᠷ ᠢ ᠬᠠᠪᠰᠤᠷᠴᠤ᠂ ᠤᠯᠤᠰ ᠤᠨ ᠤᠷᠤᠨ ᠵᠠᠢ ᠶᠢᠨ ᠲᠦᠯᠦᠪᠵᠢᠭᠦᠯᠭᠡ ᠶᠢᠨ ᠳᠤᠮᠳᠡᠬᠢ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠨᠢᠭᠡᠲᠦᠯᠲᠠᠢ ᠲᠦᠯᠦᠪᠯᠡᠨ᠎ᠡ᠃         ︵ᠠᠷᠪᠠᠨ ᠳᠦᠷᠪᠡ︶ ᠬᠤᠲᠠ ᠬᠦᠳᠡᠭᠡ ᠶᠢᠨ ᠲᠦᠯᠦᠪᠯᠡᠭᠡ ᠶᠢᠨ ᠳᠤᠮᠳᠡᠬᠢ ᠡᠯ᠎ᠡ ᠲᠦᠷᠦᠯ ᠤᠨ ᠪᠦᠲᠦᠭᠡᠨ ᠪᠠᠶᠢᠭᠤᠯᠤᠯᠲᠡ ᠶᠢᠨ ᠲᠦᠷᠦᠯ ᠵᠦᠢᠯ ᠢ ᠲᠦᠯᠦᠪᠯᠡᠬᠦ ᠂ ᠬᠢᠨᠠᠨ ᠵᠦᠪᠰᠢᠶᠡᠷᠡᠬᠦ ᠪᠠ ᠬᠠᠮᠢᠶᠠᠷᠤᠨ᠎ᠠ᠃         ︵ᠠᠷᠪᠠᠨ ᠲᠠᠪᠤ︶ ᠬᠤᠲᠠ ᠶᠢᠨ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ᠲᠠᠢ ᠬᠠᠮᠵᠢᠯᠴᠠᠨ ᠠᠵᠢᠯᠯᠠᠨ᠎ᠠ᠃        ︵ᠠᠷᠪᠠᠨ ᠵᠢᠷᠭᠤᠭ᠎ᠠ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠳᠡᠭᠡᠲᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ ᠳᠠᠭᠠᠭᠠᠯᠭᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ