ᠡᠷᠭᠦᠨ᠎ᠡ ᠬᠤᠲᠠ ᠶᠢᠨ ᠭᠠᠶᠢᠯᠢ ᠶᠢᠨ ᠶᠠᠪᠤᠳᠠᠯ ᠤᠨ ᠲᠤᠪᠴᠢᠶ᠎ᠠ
ᠨᠡᠶᠢᠲᠡᠯᠡᠭᠰᠡᠨ ᠴᠠᠭ᠄
2024/9/18
     ᠭᠤᠤᠯ ᠡᠭᠦᠷᠭᠡ ᠬᠠᠷᠢᠭᠤᠴᠠᠯᠭ᠎ᠠ :        ︵ᠨᠢᠭᠡ︶ ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠨᠠᠮ ᠤᠨ ᠭᠠᠶᠢᠯᠢ ᠶᠢᠨ ᠠᠵᠢᠯ ᠤᠨ ᠲᠤᠬᠠᠢ ᠤᠳᠤᠷᠢᠳᠤᠯᠭ᠎ᠠ ᠶᠢ ᠴᠢᠩᠭᠠᠳᠬᠠᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠶᠢ ᠭᠦᠢᠴᠡᠳᠭᠡᠨ᠎ᠡ᠃ ᠨᠠᠮ ᠤᠨ ᠪᠦᠲᠦᠭᠡᠨ ᠪᠠᠶᠢᠭᠤᠯᠤᠯᠲᠡ ᠪᠠ ᠦᠵᠡᠯ ᠰᠠᠨᠠᠭ᠎ᠠ ᠤᠯᠤᠰ ᠲᠦᠷᠦ ᠶᠢᠨ ᠪᠦᠲᠦᠭᠡᠨ ᠪᠠᠶᠢᠭᠤᠯᠤᠯᠲᠡ ᠶᠢ ᠬᠠᠷᠢᠭᠤᠴᠠᠨ᠎ᠠ᠃        ︵ᠬᠤᠶᠠᠷ︶ ᠭᠠᠶᠢᠯᠢ᠂ ᠨᠡᠶᠢᠭᠡᠮ ᠤᠨ ᠪᠠᠲᠤᠯᠠᠭ᠎ᠠ ᠶᠢᠨ ᠵᠠᠷᠤᠳᠠᠯ ᠪᠤᠯᠤᠨ ᠭᠠᠶᠢᠯᠢ ᠶᠢᠨ ᠪᠤᠰᠤ ᠤᠷᠤᠯᠭ᠎ᠠ ᠶᠢᠨ ᠲᠤᠬᠠᠢ ᠬᠠᠤᠯᠢ ᠴᠠᠭᠠᠵᠠ᠂ ᠬᠠᠤᠯᠢ ᠳᠦᠷᠢᠮ᠂ ᠳᠦᠷᠢᠮ ᠲᠤᠭᠲᠠᠭᠠᠯ ᠪᠠ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠤᠲᠠᠲᠠᠢ ᠬᠡᠷᠡᠭᠵᠢᠭᠦᠯᠬᠦ ᠠᠷᠭ᠎ᠠ ᠶᠢ ᠰᠤᠳᠤᠯᠤᠨ ᠲᠤᠭᠲᠠᠭᠠᠨ᠎ᠠ᠃ ᠤᠯᠤᠰ ᠠᠴᠠ ᠲᠤᠭᠲᠠᠭᠠᠭᠰᠠᠨ ᠭᠠᠶᠢᠯᠢ ᠶᠢᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ᠎ᠠ᠃        ︵ᠭᠤᠷᠪᠠ︶ ᠮᠠᠨ ᠤ ᠲᠤᠪᠴᠢᠶᠠᠨ ᠤ ᠭᠠᠶᠢᠯᠢ᠂ ᠨᠡᠶᠢᠭᠡᠮ ᠤᠨ ᠪᠠᠲᠤᠯᠠᠭ᠎ᠠ ᠶᠢᠨ ᠵᠠᠷᠤᠳᠠᠯ ᠪᠤᠯᠤᠨ ᠭᠠᠶᠢᠯᠢ ᠶᠢᠨ ᠪᠤᠰᠤ ᠤᠷᠤᠯᠭ᠎ᠠ ᠶᠢᠨ ᠲᠤᠬᠠᠢ ᠳᠤᠮᠳᠠ ᠤᠷᠲᠤ ᠬᠤᠭᠤᠴᠠᠭᠠᠨ ᠤ ᠲᠦᠯᠦᠪᠵᠢᠭᠦᠯᠭᠡ ᠶᠢ ᠰᠤᠳᠤᠯᠤᠨ ᠲᠤᠭᠲᠠᠭᠠᠨ᠎ᠠ᠃ ᠭᠠᠶᠢᠯᠢ᠂ ᠨᠡᠶᠢᠭᠡᠮ ᠤᠨ ᠪᠠᠲᠤᠯᠠᠭ᠎ᠠ ᠶᠢᠨ ᠵᠠᠷᠤᠳᠠᠯ ᠪᠤᠯᠤᠨ ᠭᠠᠶᠢᠯᠢ ᠶᠢᠨ ᠪᠤᠰᠤ ᠤᠷᠤᠯᠭ᠎ᠠ ᠶᠢᠨ ᠲᠤᠬᠠᠢ ᠤᠷᠢᠳᠴᠢᠯᠠᠭᠰᠠᠨ ᠬᠠᠷᠠᠯᠲᠠ ᠶᠢ ᠲᠤᠭᠲᠠᠭᠠᠬᠤ ᠳᠤ ᠤᠷᠤᠯᠴᠠᠬᠤ ᠮᠦᠷᠲᠡᠭᠡᠨ ᠬᠠᠤᠯᠢ ᠶᠤᠰᠤᠭᠠᠷ ᠬᠡᠷᠡᠭᠵᠢᠭᠦᠯᠦᠨ᠎ᠡ᠃ ᠮᠠᠨ ᠤ ᠲᠤᠪᠴᠢᠶᠠᠨ ᠤ ᠭᠠᠶᠢᠯᠢ᠂ ᠨᠡᠶᠢᠭᠡᠮ ᠤᠨ ᠪᠠᠲᠤᠯᠠᠭ᠎ᠠ ᠶᠢᠨ ᠵᠠᠷᠤᠳᠠᠯ ᠪᠤᠯᠤᠨ ᠭᠠᠶᠢᠯᠢ ᠶᠢᠨ ᠪᠤᠰᠤ ᠤᠷᠤᠯᠭ᠎ᠠ ᠶᠢᠨ ᠲᠤᠬᠠᠢ ᠲᠤᠭᠠᠴᠠᠭ᠎ᠠ ᠬᠢᠬᠦ ᠠᠵᠢᠯ ᠢ ᠬᠠᠷᠢᠭᠤᠴᠠᠨ᠎ᠠ᠃ ᠭᠠᠶᠢᠯᠢ ᠶᠢᠨ ᠤᠷᠤᠯᠭ᠎ᠠ ᠶᠢ ᠤᠷᠢᠳᠴᠢᠯᠠᠨ ᠵᠠᠳᠠᠯᠤᠨ᠎ᠠ᠃        ︵ᠳᠦᠷᠪᠡ︶ ᠭᠠᠶᠢᠯᠢ ᠶᠢᠨ ᠠᠵᠤ ᠠᠬᠤᠢ ᠶᠢᠨ ᠵᠠᠳᠠᠯᠤᠯᠲᠠ ᠪᠤᠯᠤᠨ ᠭᠠᠶᠢᠯᠢ ᠶᠢᠨ ᠲᠦᠷᠦ ᠶᠢᠨ ᠪᠤᠳᠤᠯᠭ᠎ᠠ ᠶᠢᠨ ᠨᠦᠯᠦᠭᠡ ᠶᠢ ᠵᠠᠳᠠᠯᠤᠨ᠎ᠠ᠃ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠤᠪᠴᠢᠶᠠᠨ ᠤ ᠬᠦᠯᠦᠨ ᠪᠤᠶᠢᠷ ᠬᠤᠲᠠ ᠶᠢᠨ ᠭᠠᠶᠢᠯᠢ ᠶᠢᠨ ᠶᠠᠪᠤᠳᠠᠯ ᠤᠨ ᠲᠤᠪᠴᠢᠶ᠎ᠠ ᠪᠤᠯᠤᠨ ᠤᠷᠤᠨ ᠨᠤᠲᠤᠭ ᠤᠨ ᠨᠠᠮ ᠤᠨ ᠬᠤᠷᠢᠶ᠎ᠠ ᠵᠠᠰᠠᠭ ᠤᠨ ᠤᠷᠳᠤᠨ ᠳᠤ ᠯᠠᠪᠯᠠᠯᠲᠠ ᠬᠠᠩᠭᠠᠨ᠎ᠠ᠃         ︵ᠲᠠᠪᠤ︶ ᠬᠠᠷᠢᠶᠠᠨ ᠤ ᠡᠯ᠎ᠡ ᠲᠦᠷᠦᠯ ᠤᠨ ᠭᠠᠶᠢᠯᠢ᠂ ᠨᠡᠶᠢᠭᠡᠮ ᠤᠨ ᠪᠠᠲᠤᠯᠠᠭ᠎ᠠ ᠶᠢᠨ ᠵᠠᠷᠤᠳᠠᠯ ᠪᠤᠯᠤᠨ ᠭᠠᠶᠢᠯᠢ ᠶᠢᠨ ᠪᠤᠰᠤ ᠤᠷᠤᠯᠭ᠎ᠠ ᠶᠢ ᠬᠤᠷᠢᠶᠠᠨ ᠠᠪᠤᠨ᠎ᠠ᠃ ᠭᠠᠶᠢᠯᠢ ︵ᠰᠦᠢᠳᠭᠡᠯ︶ ᠶᠢᠨ ᠢᠷᠡᠯᠲᠡ ᠶᠢ ᠬᠢᠨᠠᠨ ᠡᠵᠡᠮᠳᠡᠬᠦ ᠪᠠ ᠠᠶᠤᠯ ᠲᠦᠭᠰᠢᠭᠦᠷᠢ ᠶᠢ ᠰᠡᠷᠭᠡᠶᠢᠯᠡᠨ ᠬᠠᠮᠢᠶᠠᠷᠤᠨ᠎ᠠ᠃ ᠲᠤᠮᠤ ᠠᠵᠤ ᠠᠬᠤᠶᠢᠯᠠᠯ ᠪᠤᠯᠤᠨ ᠪᠠᠶᠢᠭᠠᠯᠢ ᠬᠦᠮᠦᠨ ᠤ ᠭᠠᠶᠢᠯᠢ ᠶᠢ ᠴᠢᠩᠭ᠎ᠠ ᠬᠠᠮᠢᠶᠠᠷᠤᠨ᠎ᠠ᠃         ︵ᠵᠢᠷᠭᠤᠭ᠎ᠠ︶ ᠮᠠᠨ ᠤ ᠲᠤᠪᠴᠢᠶᠠᠨ ᠤ ᠭᠠᠶᠢᠯᠢ᠂ ᠨᠡᠶᠢᠭᠡᠮ ᠤᠨ ᠪᠠᠲᠤᠯᠠᠭ᠎ᠠ ᠶᠢᠨ ᠵᠠᠷᠤᠳᠠᠯ ᠪᠤᠯᠤᠨ ᠭᠠᠶᠢᠯᠢ ᠶᠢᠨ ᠪᠤᠰᠤ ᠤᠷᠤᠯᠭ᠎ᠠ ᠶᠢᠨ ᠦᠢᠯᠡᠴᠢᠯᠡᠭᠡᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠡ ᠶᠢ ᠬᠠᠷᠢᠭᠤᠴᠠᠨ᠎ᠠ᠃ ᠭᠠᠶᠢᠯᠢ ᠲᠤᠰᠢᠶᠠᠬᠤ ᠦᠢᠯᠡᠴᠢᠯᠡᠭᠡ᠂ ᠭᠠᠶᠢᠯᠢ ᠶᠢᠨ ᠲᠤᠬᠠᠢ ᠤᠬᠠᠭᠤᠯᠬᠤ ᠠᠵᠢᠯ ᠢ ᠦᠷᠨᠢᠭᠦᠯᠦᠨ᠎ᠡ᠃ ᠭᠠᠶᠢᠯᠢ ᠲᠤᠰᠢᠶᠠᠭᠴᠢ᠂ ᠵᠠᠷᠤᠳᠠᠯ ᠲᠤᠰᠢᠶᠠᠭᠴᠢ ᠶᠢᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠎ᠠ᠃ ᠭᠠᠶᠢᠯᠢ᠂ ᠨᠡᠶᠢᠭᠡᠮ ᠤᠨ ᠪᠠᠲᠤᠯᠠᠭ᠎ᠠ ᠶᠢᠨ ᠵᠠᠷᠤᠳᠠᠯ ᠪᠤᠯᠤᠨ ᠭᠠᠶᠢᠯᠢ ᠶᠢᠨ ᠪᠤᠰᠤ ᠤᠷᠤᠯᠭ᠎ᠠ ᠲᠠᠢ ᠬᠤᠯᠪᠤᠭᠳᠠᠭᠰᠠᠨ ᠵᠠᠰᠠᠭ ᠵᠠᠬᠢᠷᠭᠠᠨ ᠤ ᠰᠢᠳᠭᠡᠯ᠂ ᠵᠠᠰᠠᠭ ᠵᠠᠬᠢᠷᠭᠠᠨ ᠤ ᠳᠠᠬᠢᠨ ᠵᠦᠪᠯᠡᠬᠦ ᠪᠤᠯᠤᠨ ᠵᠠᠰᠠᠭ ᠵᠠᠬᠢᠷᠭᠠᠨ ᠤ ᠵᠠᠷᠭᠤ ᠬᠢᠬᠦ ᠵᠡᠷᠭᠡ ᠶᠢ ᠬᠠᠷᠢᠭᠤᠴᠠᠨ᠎ᠠ᠃         ︵ᠳᠤᠯᠤᠭ᠎ᠠ︶ ᠬᠠᠷᠢᠶᠠᠨ ᠤ ᠤᠯᠠᠨ ᠤᠯᠤᠰ ᠤᠨ ᠭᠠᠶᠢᠯᠢ ᠪᠠ ᠭᠠᠳᠠᠭᠠᠲᠤ ᠤᠷᠤᠭᠤᠯᠤᠯᠲᠡ ᠭᠠᠷᠭᠠᠯᠲᠠ ᠶᠢᠨ ᠭᠠᠶᠢᠯᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠭᠠᠶᠢᠯᠢ ᠠᠴᠠ ᠵᠠᠶᠢᠯᠠᠬᠤ ᠪᠠᠶᠢᠴᠠᠭᠠᠯᠲᠠ ᠪᠠ ᠭᠠᠳᠠᠭᠠᠲᠤ ᠭᠠᠷᠭᠠᠯᠲᠠ ᠶᠢᠨ ᠭᠠᠶᠢᠯᠢ ᠶᠢ ᠪᠤᠴᠠᠭᠠᠬᠤ ᠶᠠᠪᠤᠳᠠᠯ ᠢ ᠭᠦᠢᠴᠡᠳᠭᠡᠨ᠎ᠡ᠃        ︵ᠨᠠᠢᠮᠠ︶ ᠨᠡᠮᠡᠭᠳᠡᠯ ᠦᠷᠲᠡᠭ ᠤᠨ ᠭᠠᠶᠢᠯᠢ ᠶᠢᠨ ᠲᠤᠰᠬᠠᠢ ᠬᠡᠷᠡᠭᠯᠡᠬᠦ ᠪᠠᠷᠢᠮᠳᠠ᠂ ᠶᠡᠷᠦ ᠶᠢᠨ ᠪᠠᠷᠢᠮᠳᠠ ᠪᠤᠯᠤᠨ ᠪᠤᠰᠤᠳ ᠲᠦᠷᠦᠯ ᠤᠨ ᠪᠠᠷᠢᠮᠳᠠ ᠶᠢ ᠬᠠᠷᠢᠭᠤᠴᠠᠨ᠎ᠠ᠃ ᠭᠠᠶᠢᠯᠢ᠂ ᠨᠡᠶᠢᠭᠡᠮ ᠤᠨ ᠪᠠᠲᠤᠯᠠᠭ᠎ᠠ ᠶᠢᠨ ᠵᠠᠷᠤᠳᠠᠯ ᠪᠤᠯᠤᠨ ᠭᠠᠶᠢᠯᠢ ᠶᠢᠨ ᠪᠤᠰᠤ ᠤᠷᠤᠯᠭ᠎ᠠ ᠶᠢᠨ ᠪᠠᠷᠢᠮᠳᠠ ᠶᠢ ᠬᠠᠮᠢᠶᠠᠷᠤᠨ᠎ᠠ᠃        ︵ᠶᠢᠰᠦ︶ ᠮᠠᠨ ᠤ ᠲᠤᠪᠴᠢᠶᠠᠨ ᠤ ᠡᠯ᠎ᠡ ᠲᠦᠷᠦᠯ ᠤᠨ ᠭᠠᠶᠢᠯᠢ᠂ ᠨᠡᠶᠢᠭᠡᠮ ᠤᠨ ᠪᠠᠲᠤᠯᠠᠭ᠎ᠠ ᠶᠢᠨ ᠵᠠᠷᠤᠳᠠᠯ ᠪᠤᠯᠤᠨ ᠬᠠᠮᠢᠶ᠎ᠠ ᠪᠦᠬᠦᠢ ᠭᠠᠶᠢᠯᠢ ᠶᠢᠨ ᠪᠤᠰᠤ ᠤᠷᠤᠯᠭ᠎ᠠ ᠶᠢᠨ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠶᠢᠭᠤᠯᠤᠯᠲᠡ ᠪᠤᠯᠤᠨ ᠲᠤᠭ᠎ᠠ ᠪᠠᠷᠢᠮᠳᠠ ᠶᠢᠨ ᠵᠠᠰᠠᠯᠲᠠ ᠶᠢᠨ ᠠᠵᠢᠯ ᠢ ᠬᠠᠷᠢᠭᠤᠴᠠᠨ᠎ᠠ᠃        ︵ᠠᠷᠪᠠ︶ ᠮᠠᠨ ᠤ ᠲᠤᠪᠴᠢᠶᠠᠨ ᠤ ᠳᠤᠲᠤᠭᠠᠲᠤ ᠶᠢᠨ ᠡᠵᠡᠮᠳᠡᠬᠦ ᠲᠤᠭᠲᠠᠴᠠ ᠶᠢᠨ ᠪᠦᠲᠦᠭᠡᠨ ᠪᠠᠶᠢᠭᠤᠯᠤᠯᠲᠡ ᠶᠢ ᠬᠠᠷᠢᠭᠤᠴᠠᠨ᠎ᠠ᠃ ᠲᠤᠪᠴᠢᠶᠠᠨ ᠤ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠠᠶᠢᠷᠢᠯᠠᠭᠤᠯᠤᠯᠲᠡ ᠵᠢᠴᠢ ᠳᠡᠭᠡᠲᠦ ᠱᠠᠲᠤᠨ ᠤ ᠪᠠᠶᠢᠷᠢᠰᠢᠯᠠᠭᠤᠯᠤᠯᠲᠠ ᠶᠢ ᠲᠤᠤᠱᠯᠠᠭᠤᠯᠵᠤ ᠪᠠᠶᠢᠭ᠎ᠠ ᠪᠠᠶᠢᠳᠠᠯ ᠢ ᠱᠠᠯᠠᠪᠳᠠᠭᠤᠯᠤᠨ ᠪᠠᠶᠢᠴᠠᠭᠠᠨ᠎ᠠ᠃ ᠭᠠᠶᠢᠯᠢ ᠶᠢᠨ ᠲᠤᠬᠠᠢ ᠬᠠᠤᠯᠢ ᠬᠡᠷᠡᠭᠵᠢᠭᠦᠯᠬᠦ ᠶᠢ ᠬᠢᠨᠠᠨ ᠪᠠᠶᠢᠴᠠᠭᠠᠨ᠎ᠠ᠃        ︵ᠠᠷᠪᠠᠨ ᠨᠢᠭᠡ︶ ᠮᠠᠨ ᠤ ᠪᠠᠶᠢᠭᠤᠯᠭ᠎ᠠ ᠶᠢᠨ ᠦᠨᠳᠦᠰᠦᠨ ᠱᠠᠲᠤᠨ ᠤ ᠪᠦᠲᠦᠭᠡᠨ ᠪᠠᠶᠢᠭᠤᠯᠤᠯᠲᠡ ᠪᠤᠯᠤᠨ ᠺᠠᠳ᠋ᠷ ᠤᠨ ᠡᠩᠨᠡᠭᠡᠨ ᠤ ᠪᠦᠲᠦᠭᠡᠨ ᠪᠠᠶᠢᠭᠤᠯᠤᠯᠲᠡ ᠶᠢ ᠬᠠᠷᠢᠭᠤᠴᠠᠨ᠎ᠠ᠃ ᠤᠳᠤᠷᠢᠳᠬᠤ ᠪᠠᠭ ᠪᠠ ᠪᠡᠯᠡᠳᠭᠡᠯ ᠴᠢᠳᠠᠪᠤᠷᠢᠲᠠᠨ ᠤ ᠡᠩᠨᠡᠭᠡᠨ ᠤ ᠪᠦᠲᠦᠭᠡᠨ ᠪᠠᠶᠢᠭᠤᠯᠤᠯᠲᠡ ᠶᠢ ᠴᠢᠩᠭᠠᠳᠬᠠᠨ᠎ᠠ᠃ ᠭᠠᠶᠢᠯᠢ ᠶᠢᠨ ᠶᠠᠪᠤᠳᠠᠯ ᠤᠨ ᠠᠵᠢᠯ ᠲᠦᠷᠦᠯ ᠤᠨ ᠴᠢᠳᠠᠪᠤᠷᠢᠲᠠᠨ ᠢ ᠬᠦᠮᠦᠵᠢᠭᠦᠯᠬᠦ ᠪᠠ ᠺᠠᠳ᠋ᠷ ᠤᠨ ᠪᠤᠯᠪᠠᠰᠤᠷᠠᠯ ᠢ ᠬᠠᠷᠢᠭᠤᠴᠠᠨ᠎ᠠ᠃         ︵ᠠᠷᠪᠠᠨ ᠬᠤᠶᠠᠷ︶ ᠮᠠᠨ ᠤ ᠪᠠᠶᠢᠭᠤᠯᠭ᠎ᠠ ᠶᠢᠨ ᠤᠷᠤᠨ ᠲᠤᠭ᠎ᠠ᠂ ᠵᠠᠷᠤᠳᠠᠯ ᠪᠠ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃         ︵ᠠᠷᠪᠠᠨ ᠭᠤᠷᠪᠠ︶ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠤᠪᠴᠢᠶᠠᠨ ᠤ ᠬᠦᠯᠦᠨ ᠪᠤᠶᠢᠷ ᠬᠤᠲᠠ ᠶᠢᠨ ᠭᠠᠶᠢᠯᠢ ᠶᠢᠨ ᠶᠠᠪᠤᠳᠠᠯ ᠤᠨ ᠲᠤᠪᠴᠢᠶ᠎ᠠ ᠪᠠ ᠤᠷᠤᠨ ᠨᠤᠲᠤᠭ ᠤᠨ ᠨᠠᠮ ᠤᠨ ᠬᠤᠷᠢᠶ᠎ᠠ ᠵᠠᠰᠠᠭ ᠤᠨ ᠤᠷᠳᠤᠨ ᠤ ᠲᠤᠰᠢᠶᠠᠭᠰᠠᠨ ᠪᠤᠰᠤᠳ ᠶᠠᠪᠤᠳᠠᠯ ᠢ ᠭᠦᠢᠴᠡᠳᠭᠡᠨ᠎ᠡ᠃
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ