ᠲᠦᠷᠦᠭᠦᠬᠡᠨ᠂ ᠱᠧᠨᠵᠧᠨ ᠬᠤᠲᠠ ᠶᠢᠨ ᠣᠷᠣᠨ ᠰᠠᠭᠤᠴᠠ ᠪᠠ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ ᠨᠢᠭᠡᠴᠡ ᠬᠠᠮᠳᠤᠷᠠᠨ ︽ᠬᠦᠰᠡᠯ | ᠵᠡᠭᠦᠳᠦ ᠪᠠᠨ ᠲᠡᠷᠭᠡᠯᠰᠢᠭᠦᠯᠬᠦ︾ ᠨᠡᠶᠢᠲᠡ ᠶᠢᠨ ᠠᠰᠠᠷᠠᠮᠵᠢ ᠶᠢᠨ ᠠᠵᠢᠯᠯᠠᠭᠠᠨ ᠤ ᠲᠥᠯᠥᠪᠯᠡᠭᠡ ᠶᠢ ᠨᠡᠶᠢᠲᠡᠯᠡᠵᠦ᠂ ᠵᠢᠱᠢᠯᠲᠡ ᠪᠠᠷ ᠪᠦᠯᠦᠭ ᠬᠤᠪᠢᠶᠠᠨ 1 ᠲᠦᠮᠡ | ᠭᠠᠷᠤᠶ ᠢᠵᠢ ᠣᠷᠣᠨ ᠰᠠᠭᠤᠴᠠ ᠬᠠᠩᠭᠠᠵᠤ᠂ ᠪᠥᠬᠦ ᠤᠯᠤᠰ ᠤᠨ ᠡᠯ᠎ᠡ ᠭᠠᠵᠠᠷ ᠤᠨ ᠨᠥᠬᠦᠴᠡᠯ ᠳᠤ ᠨᠡᠶᠢᠴᠡᠬᠦ ᠲᠡᠭᠦᠰᠬᠦ ᠤᠶᠤᠲᠠᠳ ᠲᠤ 7 ᠡᠳᠦᠷ ᠰᠤᠶᠢᠳᠬᠡᠯ | ᠬᠤᠷᠢᠶᠠᠬᠤ ᠥᠬᠡᠶ ᠪᠠᠷ ᠰᠠᠭᠤᠯᠭᠠᠬᠤ ᠡᠷᠬᠡ ᠬᠠᠩᠭᠠᠬᠤ ᠪᠠᠷ ᠪᠤᠢ᠂ ᠲᠣᠰ ᠠᠵᠢᠯᠯᠠᠭ᠎ᠠ ᠨᠢ ᠤᠯᠠᠨ ᠨᠡᠶᠢᠳᠡ ᠶᠢᠨ ᠥᠷᠭᠡᠨ ᠳᠡᠯᠭᠡᠷ ᠰᠠᠶᠢᠨ ᠦᠨᠡᠯᠡᠯᠲᠡ ᠶᠢ ᠤᠯᠪᠠ᠃ | ᠲᠡᠭᠦᠰᠬᠦ ᠤᠶᠤᠲᠠᠳ ᠨᠢᠭᠡᠨ ᠰᠢᠨ᠎ᠡ ᠬᠤᠲᠠ ᠳᠤ ᠬᠦᠷᠴᠦ ᠠᠵᠢᠯ ᠡᠷᠢᠬᠦ ᠳᠡᠭᠡᠨ ᠨᠢᠭᠤᠷᠲᠠᠨ ᠰᠢᠯᠭᠠᠬᠤ᠂ ᠳᠠᠳᠤᠯᠭ᠎ᠠ ᠬᠢᠬᠦ ᠳᠤ᠂ ᠪᠠᠶᠢᠷᠢ ᠳᠤ ᠰᠠᠭᠤᠬᠤ ᠳᠤ | ᠶᠡᠷᠦ ᠨᠢ ᠪᠠᠭ᠎ᠠ ᠪᠤᠰᠤ ᠵᠠᠷᠤᠯᠭ᠎ᠠ ᠭᠠᠷᠭᠠᠬᠤ ᠶᠤᠮ᠃ ︽7 ᠡᠳᠦᠷ ᠰᠤᠶᠢᠳᠭᠡᠯ ᠬᠤᠷᠢᠶᠠᠬᠤ ᠥᠬᠡᠶ ᠪᠠᠷ ᠤᠷᠤᠨ ᠰᠠᠭᠤᠴᠠ ᠬᠠᠨᠭ᠍ᠭᠠᠬᠤ︾ ᠨᠢ ᠬᠡᠳᠦ᠋ᠢᠪᠡᠷ ᠴᠠᠭ ᠨᠢ | ᠣᠷᠳᠣ ᠪᠢᠰᠢ ᠪᠣᠯᠪᠠᠴᠤ ᠠᠵᠢᠯ ᠡᠷᠢᠭᠰᠡᠳ ᠤᠨ ᠠᠵᠤ ᠠᠬᠤᠶ ᠶᠢᠨ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠵᠦ᠂ ᠲᠡᠳᠡᠨ ᠤ ᠨᠠᠩ ᠣᠯᠠᠨ ᠣᠶᠤᠨ ᠴᠢᠳᠠᠯ ᠢ ᠨᠢ | ᠠᠵᠢᠯ ᠡᠷᠢᠬᠦ ᠳᠡᠭᠡᠷ᠎ᠡ ᠲᠠᠯᠪᠢᠭᠤᠯᠬᠤ ᠪᠦᠭᠡᠳ ᠪᠠᠰᠠ ᠲᠠᠨᠢᠯ ᠪᠤᠰᠤ ᠬᠤᠲᠠ ᠠᠴᠠ ᠬᠠᠶᠢᠷ᠎ᠠ ᠬᠠᠯᠠᠮᠵᠢ ᠭᠥᠷᠳᠡᠵᠦ᠂ ᠬᠠᠷᠢᠶᠠᠯᠠᠭᠳᠠᠬᠤ ᠰᠡᠳᠬᠢᠯᠭᠡ ᠪᠠᠨ ᠨᠡᠮᠡᠭᠳᠡᠭᠦᠯᠬᠦ | ᠳᠤ ᠠᠰᠢᠬᠳᠠᠢ ᠶᠤᠮ᠃ ᠬᠤᠲᠠ ᠶᠢᠨ ᠬᠥᠭᠵᠢᠯᠲᠡ ᠶᠢᠨ ᠲᠠᠯ᠎ᠠ ᠠᠴᠠ ᠠᠪᠴᠤ ᠬᠡᠯᠡᠪᠡᠯ᠂ ᠡᠨᠡ ᠨᠢ ᠪᠠᠰᠠ ᠨᠠᠩ ᠣᠯᠠᠨ ᠰᠢᠯᠢᠳᠡᠭ ᠴᠢᠳᠠᠪᠤᠷᠢᠲᠠᠨ ᠢ ᠲᠠᠲᠠᠬᠤ ᠳᠤ | ᠠᠰᠢᠭᠲᠠᠶ ᠶᠤᠮ᠃ |