ᠥᠪᠥᠷ ᠮᠣᠩᠭᠤᠯ ᠠᠴᠠ ᠪᠡᠭᠡᠵᠢᠩ ᠳᠤ ᠬᠦᠷᠬᠦ ᠭᠠᠯᠲᠤ ᠲᠡᠷᠭᠡᠨ ᠤ ᠪᠢᠯᠧᠲ ᠵᠥᠪᠬᠡᠨ 13 ᠲᠥᠭᠦᠷᠢᠭ
ᠨᠡᠶᠢᠲᠡᠯᠡᠭᠰᠡᠨ ᠴᠠᠭ᠄
2025/1/23
     ᠣᠶᠢᠷ᠎ᠠ ᠳᠤ᠂ ᠲᠡᠮᠦᠷ ᠵᠠᠮ ᠤᠨ ᠬᠢᠮᠳᠡ ᠦᠨ᠎ᠡ ᠶᠢᠨ ᠪᠢᠯᠧᠲ ᠨᠡᠶᠢᠭᠡᠮ ᠤᠨ ᠬᠠᠷᠢᠯᠴᠠᠭᠠᠨ ᠤ ᠲᠠᠪᠴᠠᠩ ᠳᠡᠭᠡᠷ᠎ᠡ ᠶᠡᠬᠡᠳᠡ ᠬᠠᠯᠠᠮᠰᠢᠯ ᠪᠤᠯᠵᠤ᠂ ᠴᠥᠭᠡᠨ ᠪᠤᠰᠤ ᠰᠦᠯᠵᠢᠶᠡᠨ ᠠᠨᠳᠠ ᠥᠪᠡᠷ ᠤᠨ ᠣᠯᠵᠤ ᠦᠵᠡᠭᠰᠡᠨ ᠬᠢᠮᠳᠠ ᠦᠨ᠎ᠡ ᠶᠢᠨ ᠪᠢᠯᠧᠲ ᠢᠶᠠᠨ ᠰᠦᠯᠵᠢᠶ᠎ᠡ ᠲᠡᠭᠡᠷ᠎ᠡ ᠬᠤᠪᠢᠶᠠᠯᠴᠠᠵᠤ ᠪᠠᠶᠢᠨ᠎ᠠ᠃ ᠡᠭᠦᠨ ᠤ ᠲᠤᠳᠤᠷ᠎ᠠ 1 ᠰᠠᠷ᠎ᠠ ᠶᠢᠨ 21 ᠤ ᠡᠳᠦᠷ ᠤᠨ K 4022 ᠥᠪᠥᠷ ᠮᠣᠩᠭᠤᠯ ᠤᠨ ᠤᠯᠠᠭᠠᠨᠬᠠᠳᠠ ᠶᠢᠨ ᠡᠮᠦᠨ᠎ᠡ ᠦᠷᠳᠡᠭᠡ ᠠᠴᠠ ᠪᠡᠭᠡᠵᠢᠩ ᠬᠦᠷᠬᠦ ᠪᠥᠬᠦ ᠠᠶᠠᠯᠠᠯ ᠳᠠᠬᠢ ᠬᠠᠳᠠᠭᠤ ᠰᠠᠭᠤᠳᠠᠯ ᠤᠨ ᠬᠠᠮᠤᠭ ᠤᠨ ᠬᠢᠮᠳᠠ ᠪᠢᠯᠧᠲ ᠨᠢ ᠵᠦᠪᠭᠡᠨ 13 ᠲᠥᠭᠦᠷᠢᠭ ᠪᠠᠶᠢᠯ᠎ᠠ᠃ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠠᠶᠠᠨᠴᠢᠳ ᠤᠨ ᠲᠡᠭᠡᠭᠡᠪᠦᠷᠢ ᠶᠢᠨ ᠶᠠᠮᠤᠨ ᠤ ᠬᠠᠷᠢᠭᠤᠴᠠᠯᠭᠠᠲᠠᠨ ᠤ ᠲᠠᠨᠢᠯᠴᠠᠭᠤᠯᠬᠤ ᠳᠠᠭᠠᠨ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠤ ᠪᠢᠯᠧᠲ ᠤᠨ ᠦᠨ᠎ᠡ ᠳᠤ ᠬᠠᠷᠠᠭᠠᠯᠵᠠᠯ ᠦᠵᠡᠭᠦᠯᠬᠦ ᠡᠷᠴᠢᠮ ᠢᠶᠠᠨ ᠭᠤᠣᠯᠳᠠᠯᠭ᠎ᠠ ᠲᠠᠢ ᠴᠢᠩᠭᠠᠷᠠᠭᠤᠯᠵᠤ᠂ ᠬᠡᠰᠡᠭ ᠪᠠᠴᠢᠮ ᠪᠤᠰᠤ ᠴᠠᠭ᠂ ᠴᠢᠭᠯᠡᠯ ᠤᠨ ᠠᠶᠠᠨᠴᠢᠳ ᠤᠨ ᠭᠠᠯᠲᠤ ᠲᠡᠷᠭᠡᠨ ᠳᠤ ᠬᠠᠷᠠᠭᠠᠯᠵᠠᠯᠲᠤ ᠪᠢᠯᠧᠲ ᠤᠨ ᠦᠨ᠎ᠡ ᠶᠢ ᠬᠡᠷᠡᠭᠵᠢᠭᠦᠯᠵᠦ᠂ ᠡᠩ ᠤᠨ ᠬᠤᠷᠳᠤᠴᠠᠲᠤ ᠭᠠᠯᠲᠤ ᠲᠡᠷᠭᠡᠨ ᠤ ᠬᠠᠮᠤᠭ ᠤᠨ ᠶᠡᠭᠡ ᠬᠠᠷᠠᠭᠠᠯᠵᠠᠯᠲᠤ ᠪᠢᠯᠧᠲ ᠢ 2 ᠨᠤᠭᠤᠯᠪᠤᠷᠢ᠂ ᠣᠯᠠᠨ ᠬᠥᠳᠡᠯᠭᠡᠭᠦᠷᠲᠦ ᠴᠤᠪᠤᠭ᠎ᠠ ᠲᠡᠷᠭᠡᠨ ᠤ ᠬᠠᠷᠠᠭᠠᠯᠵᠠᠯᠲᠤ ᠪᠢᠯᠧᠲ ᠢ 3 ᠨᠤᠭᠤᠯᠪᠤᠷᠢ ᠪᠠᠷ ᠬᠤᠳᠠᠯᠳᠤᠨ᠎ᠠ ᠬᠡᠪᠡ᠃
ᠢᠷᠡᠯᠲᠡ᠄ ᠠᠷᠠᠳ ᠤᠨ ᠰᠦᠯᠵᠢᠶ᠎ᠡ