ᠤᠯᠤᠰ ᠤᠨ ᠦᠨᠳᠦᠰᠦᠨ ᠡᠮᠴᠢᠯᠡᠭᠡᠨ ᠤ ᠳᠠᠭᠠᠳᠬᠠᠯ ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ︵2024 ᠣᠨ︶ ᠢ ᠬᠡᠷᠡᠭᠵᠢᠭᠦᠯᠬᠦ ᠲᠤᠬᠠᠶ ᠮᠡᠳᠡᠭᠳᠡᠯ ︵ᠬᠤᠶᠠᠷ︶
ᠨᠡᠶᠢᠲᠡᠯᠡᠭᠰᠡᠨ ᠴᠠᠭ᠄
2025/1/23
     ᠨᠢᠭᠡ ᠂ ᠬᠡᠷᠡᠭᠵᠢᠭᠦᠯᠬᠦ ᠬᠡᠪᠴᠢᠶ᠎ᠡ         ︵ᠨᠢᠭᠡ︶ ᠤᠯᠤᠰ ᠤᠨ ︽2024 ᠣᠨ ᠤ ᠡᠮ ᠤᠨ ᠵᠦᠢᠯ ᠤᠨ ᠭᠠᠷᠴᠠᠭ︾ ᠢ ᠪᠦᠬᠦᠨ ᠢ ᠮᠠᠨ ᠤ ᠣᠷᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠰᠠᠭᠤᠷᠢ ᠮᠥᠩᠭᠦ ᠪᠠᠷ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠵᠤ ᠂ ᠡᠮ ᠤᠨ ᠵᠦᠢᠯ ᠤᠨ ᠬᠡᠷᠡᠭᠯᠡᠭᠡᠨ ᠤ ᠬᠢᠵᠠᠭᠠᠷᠯᠠᠯ ᠪᠠ ᠵᠢᠱᠢᠶ᠎ᠡ ᠶᠢᠨ ᠳᠣᠲᠣᠷᠠᠬᠢ ᠲᠠᠶᠢᠯᠪᠤᠷᠢᠯᠠᠯᠲᠠ ᠶᠢᠨ ᠠᠭᠤᠯᠭ᠎ᠠ ᠳᠤ ᠲᠣᠬᠢᠷᠠᠭᠤᠯᠤᠯᠲᠠ ᠬᠢᠬᠦ ᠦᠭᠡᠢ ᠃          ︵ᠬᠤᠶᠠᠷ︶ ᠤᠯᠤᠰ ᠤᠨ ᠬᠡᠯᠡᠯᠴᠡᠭᠡᠷ ᠤᠨ ᠡᠮ ᠤᠨ ᠵᠦᠢᠯ ᠪᠣᠯᠤᠨ ᠦᠨ᠎ᠡ ᠬᠠᠶᠠᠯᠴᠠᠬᠤ ᠡᠮ ᠤᠨ ᠵᠦᠢᠯ ᠢ ᠪᠦᠬᠦᠨ ᠢ ᠮᠠᠨ ᠤ ᠣᠷᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠣᠯᠤᠨ ᠦᠷᠡᠵᠢᠯ ᠤᠨ ᠳᠠᠭᠠᠳᠬᠠᠯ ᠤᠨ ᠰᠠᠭᠤᠷᠢ ᠮᠥᠩᠭᠦ ᠪᠠᠷ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠵᠤ ᠂ ᠬᠥᠬᠡᠭᠴᠢᠨ ᠲᠥᠷᠥᠯ ᠤᠨ ᠡᠮ ᠤᠨ ᠵᠦᠢᠯ ᠢᠶᠠᠷ ᠬᠠᠮᠢᠶᠠᠷᠤᠨ᠎ᠠ ᠃ ᠤᠯᠤᠰ ᠤᠨ ᠬᠡᠯᠡᠯᠴᠡᠭᠡᠷ ᠤᠨ ᠡᠮ ᠤᠨ ᠵᠦᠢᠯ ᠪᠣᠯᠤᠨ ᠦᠨ᠎ᠡ ᠬᠠᠶᠠᠯᠴᠠᠬᠤ ᠡᠮ ᠤᠨ ᠵᠦᠢᠯ ᠳᠤ ᠪᠦᠬᠦ ᠤᠯᠤᠰ ᠤᠨ ᠨᠢᠭᠡᠳᠦᠯᠲᠡᠢ ᠲᠣᠭᠠᠴᠠᠭ᠎ᠠ ᠬᠢᠬᠦ ᠪᠠᠷᠢᠮᠵᠢᠶ᠎ᠠ ᠶᠢ ᠬᠡᠷᠡᠭᠵᠢᠭᠦᠯᠦᠨ᠎ᠡ ᠃ ᠲᠣᠭᠠᠴᠠᠭ᠎ᠠ ᠬᠢᠬᠦ ᠪᠠᠷᠢᠮᠵᠢᠶ᠎ᠠ ᠳᠤ ᠰᠠᠭᠤᠷᠢ ᠮᠥᠩᠭᠦ ᠪᠠ ᠳᠠᠭᠠᠳᠬᠠᠯ ᠳᠤ ᠣᠷᠣᠯᠴᠠᠭᠰᠠᠳ ᠤᠨ ᠬᠠᠮᠲᠤ ᠪᠠᠷ ᠥᠭᠭᠦᠭᠰᠡᠨ ᠪᠥᠬᠦ ᠵᠠᠷᠤᠳᠠᠯ ᠢ ᠪᠠᠭᠲᠠᠭᠠᠵᠤ ᠂ ᠰᠠᠭᠤᠷᠢ ᠮᠥᠩᠭᠦ ᠪᠠ ᠳᠠᠭᠠᠳᠬᠠᠯ ᠳᠤ ᠣᠷᠣᠯᠴᠠᠭᠰᠠᠳ ᠤᠨ ᠬᠤᠪᠢᠳᠠᠨ ᠡᠭᠦᠷᠭᠡᠯᠡᠬᠦ ᠬᠠᠷᠢᠴᠠᠯ ᠢ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠠᠴᠠ ᠲᠣᠭᠲᠠᠭᠠᠨ᠎ᠠ ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ