ᠤᠯᠤᠰ ᠤᠨ ᠦᠨᠳᠦᠰᠦᠨ ᠡᠮᠴᠢᠯᠡᠭᠡᠨ ᠤ ᠳᠠᠭᠠᠳᠬᠠᠯ ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ︵2024 ᠣᠨ︶ ᠢ ᠬᠡᠷᠡᠭᠵᠢᠭᠦᠯᠬᠦ ᠲᠤᠬᠠᠶ ᠮᠡᠳᠡᠭᠳᠡᠯ ︵ᠭᠤᠷᠪᠠ︶
ᠨᠡᠶᠢᠲᠡᠯᠡᠭᠰᠡᠨ ᠴᠠᠭ᠄
2025/1/23
     ︵ᠭᠤᠷᠪᠠ︶ ︽ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠮ ᠬᠡᠷᠡᠭᠯᠡᠬᠦ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠵᠠᠷᠯᠢᠭ 1 ᠳ᠋ᠦ᠋ᠭᠡᠷ ᠲᠣᠭᠠᠲᠤ︶ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠂ ᠤᠯᠤᠰ ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ ᠵᠠᠬ᠎ᠠ ᠳᠡᠯᠭᠡᠭᠦᠷ ᠲᠤ ᠭᠠᠷᠭᠠᠭᠰᠠᠨ ᠦᠨᠳᠦᠰᠦᠲᠡᠨ ᠤ ᠡᠮ ᠂ ᠤᠯᠤᠰ ᠤᠨ ︽2024 ᠣᠨ ᠤ ᠡᠮ ᠤᠨ ᠭᠠᠷᠴᠠᠭ︾ ᠠᠴᠠ ᠪᠤᠰᠤᠳ ᠤᠯᠤᠰ ᠪᠤᠶᠤ ᠣᠷᠣᠨ ᠨᠤᠲᠤᠭ ᠤᠨ ᠪᠠᠷᠢᠮᠵᠢᠶ᠎ᠠ ᠲᠠᠢ ᠬᠢᠲᠠᠳ ᠡᠮ ᠤᠨ ᠴᠢᠨᠠᠬᠤ ᠡᠮ ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠡᠮᠴᠢᠯᠡᠭᠡᠨ ᠤ ᠴᠢᠨᠠᠷᠲᠠᠶ ᠡᠮᠴᠢᠯᠡᠭᠡᠨ ᠤ ᠪᠠᠶᠢᠭᠤᠯᠤᠮᠵᠢ ᠶᠢᠨ ᠨᠠᠶᠢᠷᠠᠯᠭ᠎ᠠ ᠶᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠮᠠᠨ ᠤ ᠣᠷᠣᠨ ᠤ ᠰᠠᠭᠤᠷᠢ ᠮᠥᠩᠭᠦ ᠶᠢᠨ ᠡᠭᠦᠷᠭᠡᠯᠡᠬᠦ ᠴᠢᠳᠠᠪᠤᠷᠢ ᠵᠢᠴᠢ ᠡᠮ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠂ ᠵᠣᠬᠢᠴᠠᠩᠭᠤᠶ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠬᠤ ᠳᠠᠷᠠᠭᠠᠯᠠᠯ ᠢᠶᠠᠷ ᠰᠠᠭᠤᠷᠢ ᠮᠥᠩᠭᠦ ᠪᠠᠷ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠵᠤ ᠂ ᠲᠣᠭᠲᠠᠭᠠᠯ ᠶᠣᠰᠣᠭᠠᠷ ᠲᠥᠷᠥ ᠶᠢᠨ ᠶᠠᠪᠤᠳᠠᠯ ᠤᠨ ᠬᠤᠷᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠤ ᠳᠠᠷᠠᠭ᠎ᠠ ᠬᠡᠷᠡᠭᠵᠢᠭᠦᠯᠦᠨ᠎ᠡ ᠃ ᠤᠯᠤᠰ ᠤᠨ ︽2024 ᠣᠨ ᠤ ᠡᠮ ᠤᠨ ᠭᠠᠷᠴᠠᠭ︾ ᠲᠤ ᠲᠣᠭᠠᠴᠠᠭ᠎ᠠ ᠬᠢᠬᠦ ᠦᠭᠡᠢ ᠬᠡᠰᠡᠭ ᠢ ᠮᠠᠨ ᠤ ᠣᠷᠣᠨ ᠤ ᠰᠠᠭᠤᠷᠢ ᠮᠥᠩᠭᠦ ᠪᠠᠷ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠬᠤ ᠦᠭᠡᠢ ᠭᠡᠵᠦ ᠲᠣᠳᠣᠷᠬᠠᠶ ᠲᠣᠭᠲᠠᠭᠠᠵᠠᠶ ᠃ ᠡᠮᠴᠢᠯᠡᠭᠡᠨ ᠤ ᠴᠢᠨᠠᠷᠲᠠᠶ ᠡᠮᠴᠢᠯᠡᠭᠡᠨ ᠤ ᠪᠠᠶᠢᠭᠤᠯᠤᠮᠵᠢ ᠶᠢᠨ ᠨᠠᠶᠢᠷᠠᠯᠭ᠎ᠠ ᠶᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠣᠨᠴᠠᠭᠠᠢ ᠡᠮᠴᠢᠯᠡᠭᠡᠨ ᠤ ᠪᠠᠶᠢᠭᠤᠯᠤᠮᠵᠢ ᠳᠤ ᠬᠡᠷᠡᠭᠯᠡᠬᠦ ᠶᠢ ᠬᠢᠵᠠᠭᠠᠷᠯᠠᠨ᠎ᠠ ᠃   
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ