︵ᠲᠦᠷᠪᠡ︶ ᠲᠣᠰ ᠤᠳᠠᠭᠠᠨ ᠤ ᠭᠠᠷᠴᠠᠭ ᠲᠤ ᠲᠣᠬᠢᠷᠠᠭᠤᠯᠤᠯᠲᠠ ᠬᠢᠬᠦ ᠳᠤ ᠪᠣᠯᠵᠤᠭ᠎ᠠ ᠲᠠᠰᠤᠯᠳᠠᠭᠤᠯᠤᠭᠠᠳ ᠰᠢᠯᠵᠢᠭᠦᠯᠦᠨ ᠭᠠᠷᠭᠠᠭᠰᠠᠨ ᠬᠡᠯᠡᠯᠴᠡᠭᠡᠷ ᠤᠨ | ᠬᠤᠭᠤᠴᠠᠭᠠᠨ ᠳᠤ ᠬᠡᠯᠡᠯᠴᠡᠭᠡᠷ ᠬᠢᠭᠰᠡᠨ ᠡᠮ ᠤᠨ ᠵᠦᠢᠯ ᠳᠤ ᠡᠮ ᠬᠡᠷᠡᠭᠯᠡᠬᠦ ᠦᠷᠭᠦᠯᠵᠢᠯᠡᠬᠦ ᠴᠢᠨᠠᠷ ᠢ ᠪᠠᠲᠤᠯᠠᠬᠤ ᠶᠢᠨ ᠲᠤᠰᠠᠳᠠ ᠂ 6 ᠰᠠᠷ᠎ᠠ ᠶᠢᠨ ᠰᠢᠯᠵᠢᠯᠲᠡ ᠶᠢᠨ | ᠬᠤᠭᠤᠴᠠᠭ᠎ᠠ ᠣᠯᠭᠤᠵᠤ ᠂ 2025 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠤᠤᠯ ᠤᠨ | ᠲᠣᠭᠠᠴᠠᠭ᠎ᠠ ᠬᠢᠬᠦ ᠪᠠᠷᠢᠮᠵᠢᠶ᠎ᠠ ᠪᠠᠷ ᠦᠷᠭᠦᠯᠵᠢᠯᠡᠨ ᠥᠭᠴᠦ ᠂ ᠰᠢᠯᠵᠢᠯᠲᠡ ᠶᠢᠨ ᠬᠤᠭᠤᠴᠠᠭᠠᠨ ᠳᠠᠬᠢ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠬᠢᠨ | ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠰᠠᠶᠢᠲᠤᠷ ᠵᠣᠯᠭᠠᠭᠤᠯᠵᠤ ᠂ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢ ᠵᠢᠯᠣᠭᠤᠳᠤᠨ ᠴᠠᠭ | ᠲᠤᠬᠠᠶ ᠳᠤ ᠨᠢ ᠰᠣᠯᠢᠬᠤ ᠬᠡᠷᠡᠭᠲᠡᠶ ᠃ | ︵ᠲᠠᠪᠤ︶ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠬᠢᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ︽ | ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠬᠡᠯᠡᠯᠴᠡᠭᠡᠷ ᠤᠨ ᠡᠮ ᠤᠨ ᠵᠦᠢᠯ ᠤᠨ ︿ᠬᠤᠤᠰ ᠨᠡᠪᠲᠡᠷᠡᠬᠦ ᠵᠠᠮ﹀ ᠤᠨ ᠬᠠᠮᠢᠶᠠᠷᠤᠯᠲᠠ ᠶᠢᠨ ᠠᠵᠢᠯ ᠢ | ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾ ︵ᠥᠪᠥᠷ ᠡᠮᠴᠢᠯᠡᠭᠡᠨ ᠤ ᠪᠠᠳᠤᠯᠠᠭ᠎ᠠ ᠠᠯᠪᠠᠨ ᠲᠠᠷᠬᠠᠭᠠᠭᠰᠠᠨ ︹ 2021 ︺ 10 ᠳ᠋ᠤᠭᠠᠷ ᠲᠣᠭᠠᠲᠤ︶ ᠳᠤ | ᠱᠠᠭᠠᠷᠳᠠᠭᠰᠠᠨ ᠨᠢ ᠂ ᠲᠥᠷᠥᠯ ᠬᠤᠪᠢᠶᠠᠨ ᠬᠠᠮᠢᠶᠠᠷᠬᠤ ᠵᠠᠷᠴᠢᠮ ᠶᠣᠰᠣᠭᠠᠷ ᠂ ᠬᠡᠯᠡᠯᠴᠡᠭᠡᠷ ᠤᠨ ᠡᠮ ᠤᠨ ᠵᠦᠢᠯ ᠤᠨ ᠡᠭᠦᠳᠡᠨ ᠡᠮᠨᠡᠯᠭᠡ ᠂ ᠡᠮ ᠤᠨ ᠳᠡᠯᠭᠡᠭᠦᠷ ᠤᠨ | ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠂ ︽ᠬᠤᠤᠰ ᠨᠡᠪᠲᠡᠷᠡᠬᠦ ᠵᠠᠮ︾ ᠤᠨ ᠬᠠᠮᠢᠶᠠᠷᠤᠯᠲᠠ ᠶᠢᠨ | ᠲᠣᠭᠲᠠᠴᠠ ᠶᠢ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠂ ᠡᠭᠦᠳᠡᠨ ᠡᠮᠨᠡᠯᠭᠡ ᠶᠢᠨ ᠣᠨᠴᠠ ᠤᠳᠠᠭᠠᠨ ᠴᠢᠨᠠᠷᠲᠠᠶ ᠡᠪᠡᠳᠴᠢᠨ ᠂ ᠡᠭᠦᠳᠡᠨ ᠡᠮᠨᠡᠯᠭᠡ ᠶᠢᠨ | ᠣᠨᠴᠠᠭᠠᠢ ᠬᠡᠷᠡᠭᠯᠡᠭᠡᠨ ᠤ ᠡᠮ ᠂ ᠣᠨᠳᠣᠤ ᠭᠠᠵᠠᠷ ᠲᠤ ᠡᠮᠨᠡᠭᠦᠯᠬᠦ ᠵᠡᠷᠭᠡ ᠲᠥᠷᠥ ᠶᠢᠨ ᠪᠣᠳᠣᠯᠭ᠎ᠠ ᠯᠤᠭ᠎ᠠ ᠵᠣᠯᠭᠠᠭᠤᠯᠬᠤ ᠶᠢ ᠨᠢᠭᠡᠳᠦᠯᠲᠡᠶ ᠲᠥᠯᠥᠪᠯᠡᠨ ᠰᠠᠶᠢᠲᠤᠷ | ᠬᠢᠵᠦ ᠂ ᠬᠡᠯᠡᠯᠴᠡᠭᠡᠷ ᠤᠨ ᠡᠮ ᠤᠨ ᠵᠦᠢᠯ ᠤᠨ ᠬᠠᠩᠭᠠᠯᠭ᠎ᠠ ᠶᠢ ᠪᠠᠲᠤᠯᠠᠬᠤ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠃ |