ᠢᠷᠭᠡᠨ ᠤᠯᠤᠰ ᠤᠨ ᠦᠶ᠎ᠡ ᠶᠢᠨ ᠮᠣᠩᠭᠤᠯ ᠣᠷᠤᠨ ᠤ ᠰᠤᠷᠭᠠᠨ ᠬᠦᠮᠦᠵᠢᠯ ︵ᠬᠤᠶᠠᠷ︶
ᠨᠡᠶᠢᠲᠡᠯᠡᠭᠰᠡᠨ ᠴᠠᠭ᠄
2025/1/23
     1912 ᠣᠨ ᠳᠤ᠂ ᠰᠤᠷᠭᠠᠨ ᠬᠦᠮᠦᠵᠢᠯ ᠤᠨ ᠶᠠᠮᠤᠨ ᠤᠷᠢᠳᠤ ᠶᠢᠨ ᠺᠣᠯᠤᠨᠢ ᠶᠢᠨ ᠰᠤᠷᠭᠠᠭᠤᠯᠢ ᠵᠢᠴᠢ ᠮᠠᠨᠵᠤ ᠮᠣᠩᠭᠤᠯ ᠳᠡᠭᠡᠳᠦ ᠵᠡᠷᠭᠡ ᠶᠢᠨ ᠰᠤᠷᠭᠠᠭᠤᠯᠢ ᠶᠢ ᠨᠡᠶᠢᠯᠡᠭᠦᠯᠵᠦ ᠪᠡᠭᠡᠵᠢᠩ ᠤᠨ ᠬᠢᠵᠠᠭᠠᠷ ᠢ ᠲᠣᠬᠢᠷᠠᠭᠤᠯᠬᠤ ᠳᠡᠭᠡᠳᠦ ᠵᠡᠷᠭᠡ ᠶᠢᠨ ᠰᠤᠷᠭᠠᠭᠤᠯᠢ ᠶᠢ ᠪᠠᠶᠢᠭᠤᠯᠵᠤ᠂ ᠲᠤᠰᠬᠠᠶᠢᠯᠠᠨ ᠬᠢᠵᠠᠭᠠᠷ ᠣᠷᠤᠨ ᠤ ᠰᠤᠷᠭᠠᠨ ᠬᠦᠮᠦᠵᠢᠯ ᠢ ᠬᠦᠭᠵᠢᠭᠦᠯᠵᠦ ᠬᠢᠵᠠᠭᠠᠷ ᠣᠷᠤᠨ ᠤ ᠴᠢᠳᠠᠪᠤᠷᠢᠲᠠᠨ ᠢ ᠬᠦᠮᠦᠵᠢᠭᠦᠯᠬᠦ ᠳᠤ ᠬᠦᠴᠦᠯᠡᠭᠰᠡᠨ ᠪᠠᠶᠢᠨ᠎ᠠ᠃ ᠲᠤᠬᠠᠢ ᠶᠢᠨ ᠵᠢᠯ᠂ ᠬᠦᠬᠡᠨᠠᠭᠤᠷ  ᠤᠨ ᠨᠢᠩᠬᠠᠢ  ᠳᠤ ᠰᠠᠬᠢᠨ ᠬᠠᠮᠠᠭᠠᠯᠠᠬᠤ ᠡᠯᠴᠢ ᠲᠣᠬᠢᠷᠠᠭᠤᠯᠵᠤ᠂ ᠬᠦᠬᠡᠨᠠᠭᠤᠷ ᠤᠨ ᠮᠣᠩᠭᠤᠯ ᠲᠦᠪᠡᠳ ᠰᠤᠷᠭᠠᠭᠤᠯᠢ ᠶᠢ ᠨᠢᠩᠬᠠᠢ ᠮᠣᠩᠭᠤᠯ ᠲᠦᠪᠡᠳ ᠰᠤᠷᠭᠠᠭᠤᠯᠢ ᠪᠣᠯᠭᠠᠵᠤ᠂ ︽ᠮᠣᠩᠭᠤᠯ᠂ ᠬᠢᠲᠠᠳ᠂ ᠬᠤᠲᠤᠩ᠂ ᠲᠦᠪᠡᠳ ᠭᠡᠵᠦ ᠢᠯᠭᠠᠬᠤ ᠦᠭᠡᠢ᠂ ᠬᠡᠨ ᠴᠦ ᠭᠡᠰᠡᠨ ᠰᠤᠷᠭᠠᠭᠤᠯᠢ ᠳᠤ ᠣᠷᠤᠵᠤ ᠪᠣᠯᠤᠨ᠎ᠠ︾ ︵︽ᠰᠢᠨ᠎ᠡ ᠠᠽᠢᠶ᠎ᠠ ᠰᠠᠷ᠎ᠠ ᠶᠢᠨ ᠰᠡᠳᠬᠦᠯ︾ 5 ᠳ᠋ᠤᠭᠠᠷ ᠪᠣᠳᠢ 4 ᠳ᠋ᠦ᠋ᠭᠡᠷ ᠬᠤᠭᠤᠴᠠᠭ᠎ᠠ︶ ᠭᠡᠵᠦ ᠲᠣᠭᠲᠠᠭᠠᠭᠰᠠᠨ ᠪᠠᠶᠢᠨ᠎ᠠ᠃ ᠡᠨᠡᠬᠦ ᠰᠤᠷᠭᠠᠭᠤᠯᠢ ᠲᠦᠪᠡᠳ ᠬᠡᠯᠡ ᠶᠢ ᠡᠷᠬᠡᠪᠰᠢ ᠰᠤᠷᠬᠤ ᠬᠢᠴᠢᠶᠡᠯ ᠪᠣᠯᠭᠠᠵᠤ᠂ ᠰᠤᠷᠤᠭᠴᠢ ᠨᠢ ᠰᠢᠨᠢᠩ ᠣᠷᠴᠢᠮ ᠤᠨ ᠲᠠᠷᠢᠶᠠᠯᠠᠬᠤ ᠮᠠᠯᠵᠢᠬᠤ ᠬᠤᠤᠰᠯᠠᠭᠰᠠᠨ ᠲᠦᠪᠡᠳ ᠦᠨᠳᠦᠰᠦᠲᠡᠨ ᠤ ᠦᠷ᠎ᠡ ᠬᠡᠦᠬᠡᠳ ᠣᠯᠠᠩᠬᠢ ᠶᠢ ᠡᠵᠡᠯᠡᠵᠦ᠂ ︽ᠠᠮᠢᠳᠤᠷᠠᠯ ᠤᠨ ᠲᠠᠯ᠎ᠠ ᠪᠠᠷ ᠳᠠᠳᠬᠤ ᠦᠭᠡᠢ᠂ ᠤᠯᠠᠨ ᠬᠡᠦᠬᠡᠳ ᠳᠤᠲᠠᠭᠤ ᠳᠣᠷᠭᠤᠨ ᠵᠣᠭᠰᠤᠪᠠ︾ ᠬᠡᠮᠡᠨ ᠲᠡᠮᠳᠡᠭᠯᠡᠵᠦ ᠪᠣᠢ᠃ 1919 ᠣᠨ ᠳᠤ ᠲᠤᠰ ᠰᠤᠷᠭᠠᠭᠤᠯᠢ ᠶᠢ ᠠᠭᠠᠵᠢᠮ ᠢᠶᠠᠷ ᠦᠷᠭᠡᠳᠬᠡᠵᠦ ᠮᠣᠩᠭᠤᠯ ᠲᠦᠪᠡᠳ ᠪᠠᠭᠰᠢ ᠶᠢᠨ ᠰᠤᠷᠭᠠᠭᠤᠯᠢ ᠪᠣᠯᠭᠠᠨ ᠪᠠᠶᠢᠭᠤᠯᠵᠤ᠂ ᠮᠣᠩᠭᠤᠯ᠂ ᠲᠦᠪᠡᠳ ᠪᠠᠭᠰᠢ ᠶᠢ ᠬᠦᠮᠦᠵᠢᠭᠦᠯᠬᠦ ᠪᠠᠷ ᠭᠤᠤᠯᠳᠠᠯᠭ᠎ᠠ ᠪᠣᠯᠭᠠᠭᠰᠠᠨ ᠰᠤᠷᠭᠠᠭᠤᠯᠢ ᠪᠣᠯᠤᠭᠰᠠᠨ ᠪᠠᠶᠢᠨ᠎ᠠ᠃ 1925 ᠣᠨ ᠳᠤ᠂ ᠬᠠᠯᠠᠭᠤᠨ ᠰᠡᠳᠬᠢᠯ ᠲᠠᠢ ᠬᠢᠵᠠᠭᠠᠷ ᠣᠷᠤᠨ ᠤ ᠬᠡᠷᠡᠭ ᠤᠨ ᠡᠷᠳᠡᠮᠲᠡᠨ ᠵᠦ ᠶᠢᠨ ᠪᠢᠩ ᠮᠣᠩᠭᠤᠯ ᠲᠦᠪᠡᠳ ᠪᠠᠭᠰᠢ ᠶᠢᠨ ᠰᠤᠷᠭᠠᠭᠤᠯᠢ ᠶᠢᠨ ᠵᠠᠬᠢᠷᠤᠯ ᠪᠣᠯᠵᠤ᠂ ᠳᠤᠮᠳᠠᠳᠤ ᠰᠤᠷᠭᠠᠭᠤᠯᠢ ᠶᠢᠨ ᠠᠩᠬᠢ ᠶᠢ ᠨᠡᠮᠡᠨ ᠲᠣᠬᠢᠷᠠᠭᠤᠯᠵᠤ᠂ ᠰᠤᠷᠭᠠᠨ ᠬᠦᠮᠦᠵᠢᠯ᠂ ᠲᠠᠷᠢᠶᠠᠯᠠᠩ ᠮᠠᠯᠵᠢᠯ ᠵᠡᠷᠭᠡ ᠬᠤᠶᠠᠷ ᠲᠦᠷᠦᠯ ᠢ ᠡᠷᠬᠢᠯᠡᠵᠦ᠂ ᠪᠣᠲᠠᠲᠠᠢ ᠡᠷᠳᠡᠮ ᠲᠠᠢ ᠴᠢᠳᠠᠪᠤᠷᠢᠲᠠᠨ ᠢ ᠬᠦᠮᠦᠵᠢᠭᠦᠯᠦᠭᠰᠡᠨ ᠪᠠᠶᠢᠨ᠎ᠠ᠂ ᠡᠭᠦᠨ ᠤ ᠳᠠᠭᠠᠤ᠂ ᠲᠤᠬᠠᠢ ᠶᠢᠨ ᠭᠠᠵᠠᠷ ᠤᠨ ᠵᠠᠰᠠᠭ ᠤᠨ ᠣᠷᠳᠤᠨ ᠳᠤ ᠭᠤᠶᠤᠴᠢᠯᠠᠵᠤ᠂ ᠬᠦᠬᠡᠨᠠᠭᠤᠷ ᠤᠨ ᠮᠣᠩᠭᠤᠯ ᠸᠠᠩ ᠭᠦᠩ ᠰᠤᠷᠤᠭᠴᠢ ᠰᠤᠩᠭᠤᠨ ᠲᠣᠮᠢᠯᠠᠵᠤ ᠰᠤᠷᠤᠯᠴᠠᠭᠤᠯᠬᠤ ᠶᠢ ᠱᠠᠭᠠᠷᠳᠠᠵᠤ 50 ᠭᠠᠷᠤᠢ ᠮᠣᠩᠭᠤᠯ ᠰᠤᠷᠤᠭᠴᠢ ᠡᠯᠰᠡᠨ ᠠᠪᠴᠢᠷᠠᠭᠰᠠᠨ ᠪᠠᠶᠢᠨ᠎ᠠ᠃ ᠳᠠᠷᠠᠭ᠎ᠠ ᠵᠢᠯ ᠨᠢ᠂ ᠨᠢᠭᠡ ᠠᠩᠬᠢ ᠰᠤᠷᠤᠭᠴᠢ ᠡᠯᠰᠡᠭᠰᠡᠨ ᠠᠴᠠ ᠭᠠᠳᠠᠨ᠎ᠠ᠂ ᠲᠤᠰ ᠰᠤᠷᠭᠠᠭᠤᠯᠢ ᠶᠢ ᠬᠦᠬᠡᠨᠠᠭᠤᠷ ᠤᠨ ᠬᠢᠵᠠᠭᠠᠷ ᠢ ᠲᠦᠯᠦᠪᠯᠡᠬᠦ ᠰᠤᠷᠭᠠᠭᠤᠯᠢ ᠪᠣᠯᠭᠠᠨ ᠦᠭᠡᠷᠴᠢᠯᠡᠭᠰᠡᠨ ᠪᠠᠶᠢᠨ᠎ᠠ᠃
ᠢᠷᠡᠯᠲᠡ᠄ ᠬᠤᠯᠪᠤᠭ᠎ᠠ ᠪᠦᠷᠬᠡ