ᠢᠷᠭᠡᠨ ᠤᠯᠤᠰ ᠤᠨ ᠦᠶ᠎ᠡ ᠶᠢᠨ ᠮᠣᠩᠭᠤᠯ ᠣᠷᠤᠨ ᠤ ᠰᠤᠷᠭᠠᠨ ᠬᠦᠮᠦᠵᠢᠯ ︵ᠳᠦᠷᠪᠡ︶
ᠨᠡᠶᠢᠲᠡᠯᠡᠭᠰᠡᠨ ᠴᠠᠭ᠄
2025/1/23
     ᠢᠷᠭᠡᠨ ᠤᠯᠤᠰ ᠤᠨ ᠦᠶ᠎ᠡ ᠶᠢᠨ ᠮᠣᠩᠭᠤᠯ ᠦᠨᠳᠦᠰᠦᠲᠡᠨ ᠤ ᠰᠤᠷᠭᠠᠨ ᠬᠦᠮᠦᠵᠢᠯ ᠤᠨ ᠦᠢᠯᠡᠰ ᠤᠨ ᠬᠦᠭᠵᠢᠯᠲᠡ ᠶᠢ ᠳᠠᠭᠠᠯᠳᠤᠨ ᠣᠶᠢᠷ᠎ᠠ ᠦᠶ᠎ᠡ ᠶᠢᠨ ᠮᠣᠩᠭᠤᠯ ᠦᠨᠳᠦᠰᠦᠲᠡᠨ ᠤ ᠰᠤᠷᠭᠠᠨ ᠬᠦᠮᠦᠵᠢᠯ ᠪᠣᠢ ᠪᠣᠯᠵᠤ᠂ ᠠᠭᠠᠵᠢᠮ ᠢᠶᠠᠷ ᠡᠯ᠎ᠡ ᠮᠣᠩᠭᠤᠯ ᠬᠤᠰᠢᠭᠤᠨ ᠤ ᠰᠦᠮ᠎ᠡ ᠶᠢᠨ ᠱᠠᠰᠢᠨ ᠤ ᠰᠤᠷᠭᠠᠨ ᠬᠦᠮᠦᠵᠢᠯ ᠪᠠ ᠹᠧᠣᠳᠠᠯ ᠤᠨ ᠠᠯᠪᠠᠨ ᠤ ᠰᠤᠷᠭᠠᠨ ᠬᠦᠮᠦᠵᠢᠯ ᠢ ᠣᠷᠤᠯᠠᠵᠤ᠂ ᠮᠣᠩᠭᠤᠯ ᠦᠨᠳᠦᠰᠦᠲᠡᠨ ᠤ ᠡᠭᠡᠯ ᠠᠷᠠᠳ ᠤᠨ ᠰᠤᠷᠭᠠᠨ ᠬᠦᠮᠦᠵᠢᠯ ᠤᠨ ᠬᠦᠭᠵᠢᠯᠲᠡ ᠳᠤ ᠨᠦᠬᠦᠴᠡᠯ ᠪᠦᠷᠢᠯᠳᠦᠭᠦᠯᠵᠦ᠂ ᠮᠣᠩᠭᠤᠯ ᠦᠨᠳᠦᠰᠦᠲᠡᠨ ᠤ ᠨᠡᠶᠢᠭᠡᠮ ᠳᠤ ᠨᠢᠭᠡ ᠪᠦᠯᠦᠭ ᠰᠢᠨ᠎ᠡ ᠦᠵᠡᠯ ᠰᠠᠨᠠᠭ᠎ᠠ ᠲᠠᠢ᠂ ᠰᠢᠨ᠎ᠡ ᠰᠣᠶᠤᠯ ᠢᠶᠠᠷ ᠪᠡᠶ᠎ᠡ ᠪᠠᠨ ᠵᠡᠪᠰᠡᠭᠯᠡᠭᠰᠡᠨ ᠰᠡᠭᠡᠭᠡᠲᠡᠳ ᠢᠯᠡᠷᠡᠭᠰᠡᠨ ᠪᠠᠶᠢᠨ᠎ᠠ᠃ 1919 ᠣᠨ ᠠᠴᠠ ᠰᠡᠭᠦᠯᠡᠷ᠂ ᠴᠡᠷᠢᠭ ᠤᠨ ᠡᠷᠬᠡᠲᠡᠨ ᠤ ᠰᠠᠮᠠᠭᠤᠷᠠᠯ᠂ ᠨᠡᠶᠢᠭᠡᠮ ᠤᠨ ᠲᠣᠭᠲᠠᠭᠤᠨ ᠪᠣᠰᠤ᠂ ᠶᠠᠫᠣᠨ ᠤ ᠲᠦᠷᠢᠮᠡᠬᠡᠶᠢᠯᠡᠯ ᠨᠣᠶᠠᠷᠬᠠᠯ ᠵᠡᠷᠭᠡ ᠪᠠᠶᠢᠳᠠᠯ ᠳᠣᠤᠷ᠎ᠠ ᠴᠦ᠂ ᠮᠣᠩᠭᠤᠯ ᠦᠨᠳᠦᠰᠦᠲᠡᠨ ᠤ ᠰᠤᠷᠭᠠᠨ ᠬᠦᠮᠦᠵᠢᠯ ᠮᠦᠨ ᠬᠦᠭᠵᠢᠯᠲᠡ ᠲᠠᠢ ᠪᠠᠶᠢᠭᠰᠠᠨ ᠪᠠᠶᠢᠨ᠎ᠠ᠃ 1920 ᠣᠨ ᠳᠤ᠂ ᠴᠠᠬᠠᠷ ᠤᠨ ᠬᠦᠪᠡᠭᠡᠲᠦ ᠴᠠᠭᠠᠨ ᠬᠤᠰᠢᠭᠤ᠂ ᠰᠢᠯᠤᠭᠤᠨ ᠰᠢᠷ᠎ᠠ ᠬᠤᠰᠢᠭᠤ ᠪᠠᠭ᠎ᠠ ᠰᠤᠷᠭᠠᠭᠤᠢ ᠪᠠᠨ ᠳᠡᠭᠡᠳᠦ ᠵᠡᠷᠭᠡ ᠶᠢᠨ ᠪᠠᠭ᠎ᠠ ᠰᠤᠷᠭᠠᠭᠤᠯᠢ ᠪᠣᠯᠭᠠᠪᠠ᠃ 1926 ᠣᠨ ᠳᠤ ᠤᠷᠠᠳ ᠤᠨ ᠭᠤᠷᠪᠠᠨ ᠬᠤᠰᠢᠭᠤ ᠪᠣᠭᠤᠲᠤ ᠳᠤ ᠭᠤᠷᠪᠠᠨ ᠭᠦᠩ ᠬᠤᠰᠢᠭᠤᠨ ᠤ ᠠᠯᠪᠠᠨ ᠤ ᠬᠤᠶᠠᠷ ᠳᠡᠰ ᠤᠨ ᠰᠤᠷᠭᠠᠭᠤᠯᠢ ᠪᠠᠶᠢᠭᠤᠯᠵᠤ ᠬᠢᠵᠠᠭᠠᠷ ᠣᠷᠤᠨ ᠤ ᠮᠣᠩᠭᠤᠯ ᠦᠨᠳᠦᠰᠦᠲᠡᠨ ᠤ ᠬᠡᠦᠬᠡᠳ ᠪᠠᠭᠠᠴᠤᠳ ᠲᠤ ᠰᠢᠨ᠎ᠡ ᠮᠠᠶ᠋ᠢᠭ ᠤᠨ ᠰᠤᠷᠭᠠᠨ ᠬᠦᠮᠦᠵᠢᠯ ᠬᠦᠷᠲᠡᠬᠦ ᠲᠣᠬᠢᠶᠠᠯ ᠣᠯᠭᠤᠪᠠ᠃ 1926 ᠣᠨ ᠳᠤ ᠬᠦᠬᠡᠬᠤᠲᠠ ᠶᠢᠨ ᠲᠦᠮᠡᠳ ᠦᠨᠳᠦᠷ ᠵᠡᠷᠭᠡ ᠶᠢᠨ ᠪᠠᠭ᠎ᠠ ᠰᠤᠷᠭᠠᠭᠤᠯᠢ ᠶᠢ ᠳᠤᠮᠳᠠᠳᠤ ᠰᠤᠷᠭᠠᠭᠤᠯᠢ ᠪᠣᠯᠭᠠᠨ ᠦᠭᠡᠷᠴᠢᠯᠡᠨ ᠪᠠᠶᠢᠭᠤᠯᠪᠠ᠃ 1927 ᠣᠨ ᠳᠤ ᠬᠦᠬᠡᠨᠠᠭᠤᠷ ᠤᠨ ᠰᠢᠨᠢᠩ ᠤᠨ ᠨᠢᠩᠬᠠᠢ ᠮᠣᠩᠭᠤᠯ ᠲᠦᠪᠡᠳ ᠪᠠᠭ᠎ᠠ ᠰᠤᠷᠭᠠᠭᠤᠯᠢ ᠶᠢ ᠬᠦᠬᠡᠨᠠᠭᠤᠷ ᠬᠢᠵᠠᠭᠠᠷ ᠢ ᠲᠦᠯᠦᠪᠯᠡᠬᠦ ᠰᠤᠷᠭᠠᠭᠤᠯᠢ ᠪᠣᠯᠭᠠᠨ ᠦᠷᠭᠡᠳᠬᠡᠨ ᠪᠠᠶᠢᠭᠤᠯᠵᠤ᠂ ᠳᠤᠮᠳᠠᠳᠤ ᠰᠤᠷᠭᠠᠭᠤᠯᠢ ᠨᠡᠮᠡᠨ ᠲᠣᠬᠢᠷᠠᠭᠤᠯᠵᠤ᠂ ᠲᠤᠬᠠᠢ ᠶᠢᠨ ᠦᠶ᠎ᠡ ᠶᠢᠨ ᠬᠦᠬᠡᠨᠠᠭᠤᠷ ᠤᠨ ᠮᠣᠩᠭᠤᠯ ᠲᠦᠪᠡᠳ ᠰᠤᠷᠭᠠᠨ ᠬᠦᠮᠦᠵᠢᠯ ᠤᠨ ᠬᠠᠮᠤᠭ ᠤᠨ ᠳᠡᠭᠡᠳᠦ ᠰᠤᠷᠭᠠᠭᠤᠯᠢ ᠪᠣᠯᠤᠭᠰᠠᠨ ᠪᠠᠶᠢᠨ᠎ᠠ᠃  
ᠢᠷᠡᠯᠲᠡ᠄ ᠬᠤᠯᠪᠤᠭ᠎ᠠ ᠪᠦᠷᠬᠡ