ᠢᠷᠭᠡᠨ ᠤᠯᠤᠰ ᠤᠨ ᠦᠶ᠎ᠡ ᠶᠢᠨ ᠮᠣᠩᠭᠤᠯ ᠣᠷᠤᠨ ᠤ ᠰᠤᠷᠭᠠᠨ ᠬᠦᠮᠦᠵᠢᠯ ︵ᠶᠢᠰᠦ︶
ᠨᠡᠶᠢᠲᠡᠯᠡᠭᠰᠡᠨ ᠴᠠᠭ᠄
2025/1/23
     ᠴᠢᠯᠦᠭᠡᠯᠡᠬᠦ ᠳᠠᠶᠢᠨ ᠤ ᠦᠶ᠎ᠡ ᠳᠤ᠂ ᠴᠡᠷᠢᠭ ᠳᠠᠶᠢᠨ ᠪᠠ ᠬᠤᠪᠢᠰᠬᠠᠯ ᠤᠨ ᠲᠡᠮᠡᠴᠡᠯ ᠤᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠬᠤ ᠶᠢᠨ ᠲᠦᠯᠦᠭᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠤᠷ᠎ᠠ ᠦᠪᠦᠷ ᠮᠣᠩᠭᠤᠯ ᠨᠢ ᠦᠪᠡᠷᠲᠡᠭᠡᠨ ᠵᠠᠰᠠᠬᠤ ᠬᠦᠳᠡᠯᠭᠡᠭᠡᠨ ᠶᠠᠪᠤᠭᠳᠠᠭᠤᠯᠬᠤ ᠶᠢᠨ ᠵᠡᠷᠭᠡᠳᠡ᠂ ᠪᠠᠰᠠ ᠤᠷᠢᠳ ᠬᠤᠵᠢᠳ ᠦᠪᠦᠷ ᠮᠣᠩᠭᠤᠯ ᠤᠨ ᠴᠡᠷᠢᠭ ᠵᠠᠰᠠᠭ ᠤᠨ ᠰᠤᠷᠭᠠᠭᠤᠯᠢ᠂ ᠦᠪᠡᠷᠲᠡᠭᠡᠨ ᠵᠠᠰᠠᠬᠤ ᠰᠤᠷᠭᠠᠭᠤᠯᠢ᠂ ᠵᠡᠭᠦᠨ ᠮᠣᠩᠭᠤᠯ ᠤᠨ ᠴᠡᠷᠢᠭ ᠵᠠᠰᠠᠭ ᠤᠨ ᠺᠠᠳ᠋ᠷ ᠤᠨ ᠰᠤᠷᠭᠠᠭᠤᠯᠢ ᠵᠡᠷᠭᠡ ᠶᠢ ᠪᠠᠶᠢᠭᠤᠯᠤᠭᠰᠠᠨ ᠪᠠᠶᠢᠨ᠎ᠠ᠃ ᠦᠪᠦᠷ ᠮᠣᠩᠭᠤᠯ ᠤᠨ ᠴᠡᠷᠢᠭ ᠵᠠᠰᠠᠭ ᠤᠨ ᠰᠤᠷᠭᠠᠭᠤᠯᠢ ᠨᠢ ᠡᠯ᠎ᠡ ᠵᠦᠢᠯ ᠤᠨ ᠤᠯᠤᠰ ᠲᠦᠷᠦ ᠶᠢᠨ ᠣᠨᠤᠯ ᠪᠠ ᠴᠠᠭ ᠲᠦᠷᠦ ᠶᠢᠨ ᠬᠢᠴᠢᠶᠡᠯ ᠵᠢᠭᠠᠬᠤ ᠠᠴᠠ ᠭᠠᠳᠠᠨ᠎ᠠ᠂ ᠪᠠᠰᠠ ᠮᠣᠩᠭᠤᠯ ᠦᠨᠳᠦᠰᠦᠲᠡᠨ ᠤ ᠨᠡᠶᠢᠭᠡᠮ ᠤᠨ ᠮᠡᠳᠡᠯᠭᠡ᠂ ᠮᠣᠩᠭᠤᠯ ᠦᠨᠳᠦᠰᠦᠲᠡᠨ ᠤ ᠬᠤᠪᠢᠰᠬᠠᠯ ᠤᠨ ᠬᠦᠳᠡᠯᠭᠡᠭᠡᠨ ᠤ ᠲᠡᠦᠬᠡ ᠵᠡᠷᠭᠡ ᠬᠢᠴᠢᠶᠡᠯ ᠵᠢᠭᠠᠵᠤ ᠪᠠᠶᠢᠭᠰᠠᠨ ᠶᠤᠮ᠃     1947 ᠣᠨ ᠤ 9 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠪᠦᠷ ᠮᠣᠩᠭᠤᠯ ᠤᠨ ᠠᠵᠢᠯ ᠤᠨ ᠵᠦᠪᠯᠡᠯ ᠤᠯᠠᠭᠠᠨᠬᠤᠲᠠ ᠳᠤ ᠦᠪᠦᠷ ᠮᠣᠩᠭᠤᠯ ᠤᠨ ᠴᠡᠷᠢᠭ ᠵᠠᠰᠠᠭ ᠤᠨ ᠰᠤᠷᠭᠠᠭᠤᠯᠢ ᠪᠠᠶᠢᠭᠤᠯᠵᠤ᠂ ᠤᠯᠠᠭᠠᠨᠬᠦᠦ ᠵᠠᠬᠢᠷᠤᠯ ᠤᠨ ᠲᠤᠰᠢᠶᠠᠯ ᠡᠭᠦᠷᠭᠡᠯᠡᠵᠦ ᠪᠠᠶᠢᠭᠰᠠᠨ ᠶᠤᠮ᠃ ᠴᠢᠯᠦᠭᠡᠯᠡᠬᠦ ᠳᠠᠶᠢᠨ ᠤ ᠢᠯᠠᠯᠲᠠ ᠪᠠ ᠴᠢᠯᠦᠭᠡᠯᠡᠭᠳᠡᠭᠰᠡᠨ ᠣᠷᠤᠨ ᠤ ᠪᠠᠶᠢᠳᠠᠯ ᠲᠣᠭᠲᠠᠪᠤᠷᠢᠵᠢᠬᠤ ᠶᠢ ᠳᠠᠭᠠᠯᠳᠤᠨ᠂ ᠦᠪᠦᠷ ᠮᠣᠩᠭᠤᠯ ᠣᠷᠤᠨ ᠤ ᠳᠤᠮᠳᠠᠳᠤ ᠪᠠᠭ᠎ᠠ ᠰᠤᠷᠭᠠᠭᠤᠯᠢ ᠨᠡᠶᠢᠳᠡᠮ  ᠳᠤ ᠪᠠᠨ ᠬᠢᠴᠢᠶᠡᠯ ᠢᠶᠠᠨ ᠰᠡᠷᠭᠦᠭᠡᠵᠦ ᠬᠦᠭᠵᠢᠯᠲᠡ ᠶᠢᠨ ᠱᠠᠲᠤᠨ ᠳᠤ ᠣᠷᠤᠭᠰᠠᠨ ᠪᠠᠶᠢᠨ᠎ᠠ᠃    1949 ᠣᠨ ᠤ ᠪᠦ᠋ᠷᠢᠳᠬᠡᠯ ᠢ ᠦᠨᠳᠦᠰᠦᠯᠡᠪᠡᠯ᠂ ᠪᠦᠬᠦ ᠣᠷᠤᠨ ᠤ ᠪᠠᠭ᠎ᠠ ᠰᠤᠷᠭᠠᠭᠤᠯᠢ 1946 ᠣᠨ ᠲᠠᠢ ᠬᠠᠷᠢᠴᠠᠭᠤᠯᠪᠠᠯ 289.7% ᠪᠠᠷ ᠨᠡᠮᠡᠭᠳᠡᠵᠦ᠂ ᠳᠤᠮᠳᠠᠳᠤ ᠰᠤᠷᠭᠠᠭᠤᠯᠢ 72.7%᠂ ᠰᠤᠷᠤᠭᠴᠢ ᠶᠢᠨ ᠲᠤᠭ᠎ᠠ 150% ᠪᠠᠷ ᠨᠡᠮᠡᠭᠳᠡᠵᠦ᠂ ᠮᠣᠩᠭᠤᠯ ᠦᠨᠳᠦᠰᠦᠲᠡᠨ ᠤ ᠦᠷ᠎ᠡ ᠬᠡᠦᠬᠡᠳ ᠤᠨ ᠰᠤᠷᠭᠠᠭᠤᠯᠢ ᠳᠤ ᠣᠷᠤᠬᠤ ᠨᠣᠷᠮ᠎ᠠ ᠶᠡᠭᠡ ᠪᠠᠷ ᠳᠡᠭᠡᠭᠰᠢᠯᠡᠭᠰᠡᠨ ᠪᠠᠶᠢᠨ᠎ᠠ᠃    ︵ᠬᠤᠣ ᠸᠧᠢ ᠮᠢᠨ ︽ᠦᠪᠦᠷ ᠮᠣᠩᠭᠤᠯ ᠤᠨ ᠬᠤᠪᠢᠰᠬᠠᠯ ᠤᠨ ᠲᠡᠦᠬᠡ︾ 490᠂ 570᠂ 597 ᠵᠡᠷᠭᠡ ᠨᠢᠭᠤᠷ︔ ︽ᠦᠪᠦᠷ ᠮᠣᠩᠭᠤᠯ ᠤᠨ ᠰᠤᠷᠭᠠᠨ ᠬᠦᠮᠦᠵᠢᠯ ᠤᠨ ᠲᠡᠦᠬᠡ ᠤᠶᠢᠯᠠᠯᠭ᠎ᠠ︾ 2 ᠳ᠋ᠤᠭᠠᠷ ᠡᠮᠬᠢᠳᠬᠡᠯ᠂ ᠦᠪᠦᠷ ᠮᠣᠩᠭᠤᠯ ᠤᠨ ᠶᠡᠭᠡ ᠰᠤᠷᠭᠠᠭᠤᠯᠢ ᠶᠢᠨ ᠬᠡᠪᠯᠡᠯ ᠤᠨ ᠬᠤᠷᠢᠶ᠎ᠠ᠂ 1995 ᠣᠨ︔ ᠦᠪᠦᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠡᠦᠬᠡ ᠶᠢᠨ ᠰᠠᠯᠪᠤᠷᠢ ᠶᠢᠨ ︽ᠮᠣᠩᠭᠤᠯ ᠦᠨᠳᠦᠰᠦᠲᠡᠨ ᠤ ᠪᠦᠷᠢᠨ ᠲᠡᠦᠬᠡ︾᠂ ᠦᠨᠳᠦᠰᠦᠲᠡᠨ ᠤ ᠬᠡᠪᠯᠡᠯ ᠤᠨ ᠬᠤᠷᠢᠶ᠎ᠠ᠂ 2001 ᠣᠨ︶
ᠢᠷᠡᠯᠲᠡ᠄ ᠬᠤᠯᠪᠤᠭ᠎ᠠ ᠪᠦᠷᠬᠡ