ᠭᠠᠳᠠᠭᠠᠳᠤ ᠳᠤ ᠬᠥᠳᠡᠯᠮᠦᠷᠢ ᠤᠶᠢᠯᠡᠴᠢᠯᠡᠭᠡ ᠭᠠᠷᠭᠠᠬᠤ ᠶᠢᠨ ᠤᠨᠠᠭᠤᠯᠢ ᠶᠢ ᠬᠡᠷᠬᠢᠨ ᠲᠠᠨᠢᠬᠤ ᠪᠣᠶ︖ ᠡᠨᠡ ᠳᠥᠷᠪᠡᠨ ᠶᠡᠭᠡ ᠮᠡᠬᠡᠯᠡᠯ ᠠᠴᠠ ᠬᠢᠴᠢᠶᠡᠬᠦ ᠬᠡᠷᠡᠭᠲᠡᠶ
ᠨᠡᠶᠢᠲᠡᠯᠡᠭᠰᠡᠨ ᠴᠠᠭ᠄
2025/1/23
     1. ︽ᠠᠵᠢᠯ ᠨᠢ ᠬᠥᠩᠭᠡᠨ ᠴᠠᠯᠢᠩ ᠨᠢ ᠥᠨᠳᠥᠷ︾ ᠭᠡᠬᠦ ᠪᠠᠷ ᠥᠭᠶᠥᠭᠡ ᠪᠣᠯᠭᠠᠨ᠂ ᠬᠤᠳᠠᠯ ᠬᠠᠭᠤᠷᠮᠠᠭ ᠢᠶᠠᠷ ᠠᠵᠢᠯᠴᠢᠨ ᠡᠯᠰᠡᠳᠡᠭ‌ᠵᠠᠷᠢᠮ ᠭᠠᠳᠠᠭᠠᠳᠤ ᠳᠤ ᠬᠥᠳᠡᠯᠮᠦᠷᠢ ᠦᠢᠯᠡᠴᠢᠯᠡᠭᠡ ᠭᠠᠷᠭᠠᠬᠤ ᠵᠠᠭᠤᠴᠢ ᠺᠣᠮᠫᠠᠨᠢ ᠨᠢ ᠬᠥᠮᠦᠰ ᠤᠨ ᠭᠠᠳᠠᠭᠠᠳᠤ ᠳᠤ ᠭᠠᠷᠴᠤ ᠪᠠᠶᠠᠵᠢᠬᠤ ᠪᠣᠳᠣᠯ ᠢ ᠠᠰᠢᠭᠯᠠᠨ᠂ ︽ᠠᠵᠢᠯ ᠨᠢ ᠬᠥᠩᠭᠡᠨ︾᠂ ︽ᠴᠠᠯᠢᠩ ᠨᠢ ᠥᠨᠳᠥᠷ︾ ᠭᠡᠬᠦ ᠮᠡᠳᠦ ᠪᠠᠷ ᠥᠭᠶᠥᠭᠡ ᠪᠣᠯᠭᠠᠨ᠂ ᠭᠠᠳᠠᠭᠠᠳᠤ ᠳᠤ ᠭᠠᠷᠴᠤ ᠠᠵᠢᠯᠯᠠᠬᠤ ᠠᠵᠢᠯ ᠲᠥᠷᠥᠯ ᠤᠨ ᠨᠠᠷᠢᠨ ᠵᠦᠢᠯᠡᠰ ᠪᠠ ᠤᠷᠤᠰᠢᠵᠦ ᠪᠠᠶᠢᠬᠤ ᠠᠶᠤᠯ ᠲᠦᠭᠰᠢᠭᠦᠷᠢ ᠶᠢ ᠵᠣᠷᠢᠭᠤᠳᠠ ᠨᠢᠭᠤᠨ ᠳᠠᠯᠳᠠᠯᠠᠵᠤ᠂ ᠬᠥᠯᠥᠰᠥᠨ ᠠᠵᠢᠯ ᠬᠢᠭᠰᠡᠳ ᠤᠨ ᠮᠡᠳᠡᠭᠡ ᠵᠠᠩᠭᠢ ᠶᠢ ᠰᠠᠶᠢᠨ ᠮᠡᠳᠡᠬᠦ ᠦᠭᠡᠢ ᠪᠠᠶᠢᠬᠤ ᠪᠠᠶᠢᠳᠠᠯ ᠢ ᠠᠰᠢᠭᠯᠠᠨ᠂ ᠲᠡᠳᠡᠨ ᠢ ᠥᠳᠥᠭᠡᠵᠦ ᠪᠠᠶᠢᠭᠠᠳ ᠪᠣᠳᠠᠲᠤ ᠪᠠᠶᠢᠳᠠᠯ ᠢ ᠲᠣᠳᠣᠷᠬᠠᠢ ᠮᠡᠳᠡᠬᠦ ᠦᠭᠡᠢ ᠪᠠᠶᠢᠳᠠᠯ ᠳᠣᠣᠷ᠎ᠠ ᠲᠡᠳᠡᠨ ᠲᠠᠢ ᠡᠷᠬᠡ ᠲᠡᠭᠰᠢ ᠪᠤᠰᠤ ᠬᠥᠳᠡᠯᠮᠦᠷᠢ ᠦᠢᠯᠡᠴᠢᠯᠡᠭᠡᠨ ᠤ ᠭᠡᠷ᠎ᠡ ᠲᠣᠭᠲᠠᠳᠠᠭ᠂ ᠢᠡᠭᠭᠢᠭᠰᠡᠨ ᠢᠶᠠᠷ ᠬᠥᠯᠥᠰᠥᠨ ᠠᠵᠢᠯ ᠬᠢᠭᠰᠡᠳ ᠭᠠᠳᠠᠭᠠᠳᠤ ᠳᠤ ᠭᠠᠷᠤᠭᠰᠠᠨ ᠤ ᠳᠠᠷᠠᠭ᠎ᠠ ᠰᠠᠶ᠋ᠢ ᠮᠡᠬᠡᠯᠡᠭᠳᠡᠭᠰᠡᠨ ᠢᠶᠠᠨ ᠮᠡᠳᠡᠵᠦ᠂ ᠡᠷᠬᠡ ᠪᠠᠨ ᠬᠠᠮᠠᠭᠠᠯᠠᠬᠤ ᠬᠦᠴᠢᠷᠳᠡᠯ ᠳᠤ ᠲᠤᠯᠭᠠᠷᠠᠳᠠᠭ ᠪᠠᠶᠢᠨ᠎ᠠ᠃     2. ᠤᠷᠢᠳ ᠢᠶᠠᠷ ᠵᠣᠭᠤᠰ ᠢᠶᠠᠨ ᠲᠤᠰᠢᠶᠠᠵᠤ ᠳᠠᠷᠠᠭ᠎ᠠ ᠨᠢ ᠭᠠᠳᠠᠭᠠᠳᠤ ᠳᠤ ᠭᠠᠷᠭᠠᠨ᠎ᠠ ᠭᠡᠬᠦ ᠨᠡᠷ᠎ᠡ ᠪᠠᠷ ᠬᠠᠤᠯᠢ ᠪᠤᠰᠤ ᠡᠲᠡᠭᠡᠳ ᠵᠣᠭᠤᠰ ᠴᠤᠭᠯᠠᠭᠤᠯᠤᠭᠠᠳ ᠠᠯᠠᠭ᠎ᠠ ᠪᠤᠯᠳᠠᠭ ᠬᠠᠤᠯᠢ ᠪᠤᠰᠤ ᠡᠲᠡᠭᠡᠳ ᠨᠢ ᠬᠤᠳᠠᠯ ᠬᠠᠭᠤᠷᠮᠠᠭ ᠪᠤᠶᠤ ᠬᠢᠷᠢ ᠬᠡᠮ ᠳᠤᠲᠠᠮᠠᠭ ᠬᠥᠳᠡᠯᠮᠦᠷᠢ ᠤᠶᠢᠯᠡᠴᠢᠯᠡᠭᠡ ᠭᠠᠷᠭᠠᠬᠤ ᠵᠠᠭᠤᠴᠢ ᠪᠠᠶᠢᠭᠤᠯᠤᠮᠵᠢ ᠪᠠᠷ ᠵᠠᠭᠤᠴᠢ ᠪᠣᠯᠭᠠᠨ ᠮᠡᠬᠡᠯᠡᠬᠦ ᠠᠵᠢᠯᠯᠠᠭ᠎ᠠ ᠬᠢᠵᠦ᠂ ᠥᠨᠳᠥᠷ ᠦᠨ᠎ᠡ ᠶᠢᠨ ᠵᠠᠭᠤᠴᠢ ᠶᠢᠨ ᠰᠤᠶᠢᠳᠬᠡᠯ᠂ ᠨᠡᠷ᠎ᠡ ᠮᠡᠳᠡᠭᠦᠯᠬᠦ ᠰᠤᠶᠢᠳᠬᠡᠯ᠂ ᠪᠠᠲᠤᠯᠠᠭ᠎ᠠ ᠶᠢᠨ ᠮᠥᠩᠭᠦ ᠬᠤᠷᠢᠶᠠᠭᠰᠠᠨ ᠤ ᠪᠠᠨ ᠳᠠᠷᠠᠭ᠎ᠠ ᠳᠠᠯᠳᠠᠭᠤᠷ ᠠᠯᠠᠭ᠎ᠠ ᠪᠤᠯᠳᠠᠭ᠃     3. ᠭᠠᠳᠠᠭᠠᠳᠤ ᠳᠤ ᠭᠠᠷᠤᠭᠰᠠᠨ ᠤ ᠳᠠᠷᠠᠭ᠎ᠠ ᠨᠥᠬᠦᠨ ᠸᠢᠰᠠᠯᠠᠵᠦ᠂ ᠡᠷᠬᠡ ᠠᠰᠢᠭ ᠨᠢ ᠬᠤᠬᠢᠷᠠᠯ ᠳᠤ ᠤᠴᠠᠷᠠᠪᠠᠯ ᠲᠤᠰᠠᠯᠠᠮᠵᠢ ᠭᠤᠶᠤᠴᠢᠯᠠᠬᠤ ᠡᠭᠦᠳᠡ ᠥᠬᠡᠶ ᠪᠤᠯᠳᠠᠭ ᠵᠠᠷᠢᠮ ᠬᠢᠷᠢ ᠬᠡᠮ ᠥᠬᠡᠶ ᠵᠠᠭᠤᠴᠢ ᠪᠠᠶᠢᠭᠤᠯᠤᠮᠵᠢ ᠨᠢ ︽ᠸᠢᠰᠠᠯᠠᠬᠤ ᠠᠴᠠ ᠭᠡᠯᠳᠦᠷᠢᠭᠦᠯᠦᠭᠰᠡᠨ ᠤᠯᠤᠰ ᠠᠵᠢᠯ ᠤᠨ ᠸᠢᠰᠠ ᠠᠪᠬᠤ ᠴᠢᠬᠤᠯᠠ ᠥᠬᠡᠶ︾ ᠪᠤᠶᠤ ︽ᠤᠷᠢᠳᠠᠪᠠᠷ ᠭᠠᠳᠠᠭᠠᠳᠤ ᠳᠤ ᠭᠠᠷᠤᠭᠠᠳ ᠳᠠᠷᠠᠭ᠎ᠠ ᠨᠢ ᠨᠥᠬᠦᠨ ᠭᠦᠶᠴᠡᠳᠬᠡᠨ᠎ᠠ︾ ᠭᠡᠵᠦ ᠬᠤᠳᠠᠯ ᠬᠡᠯᠡᠵᠦ᠂ ᠬᠥᠳᠡᠯᠮᠦᠷᠢ ᠤᠶᠢᠯᠡᠴᠢᠯᠡᠭᠡ ᠬᠢᠬᠦ ᠬᠦᠮᠦᠰ ᠢ ᠭᠠᠳᠠᠭᠠᠳᠤ ᠳᠤ ᠭᠠᠷᠭᠠᠭᠠᠳ ᠬᠠᠷ᠎ᠠ ᠠᠵᠢᠯ ᠬᠢᠯᠭᠡᠳᠡᠭ᠃ ᠠᠵᠢᠯ ᠤᠨ ᠪᠤᠰᠤ ᠲᠦᠷᠦᠯ ᠤᠨ ᠸᠢᠰᠠ ᠠᠪᠴᠤ ᠪᠠᠶᠢᠭ᠎ᠠ ᠬᠥᠯᠥᠰᠥᠨ ᠠᠵᠢᠯ ᠬᠢᠭᠰᠡᠳ ᠨᠢ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠪᠠᠲᠤᠯᠠᠬᠤ ᠶᠢᠨ ᠠᠷᠭ᠎ᠠ ᠦᠭᠡᠢ ᠪᠠᠷ ᠪᠠᠷᠠᠬᠤ ᠦᠭᠡᠢ ᠪᠠᠰᠠ ᠲᠡᠭᠦᠨ ᠤ ᠬᠥᠯᠥᠰᠥᠨ ᠠᠵᠢᠯ ᠬᠢᠵᠦ ᠪᠠᠶᠢᠭ᠎ᠠ ᠶᠠᠪᠤᠳᠠᠯ ᠨᠢ ᠪᠠᠰᠠ ᠲᠤᠬᠠᠢ ᠶᠢᠨ ᠭᠠᠵᠠᠷ ᠤᠨ ᠬᠠᠤᠯᠢ ᠴᠠᠭᠠᠵᠠ ᠶᠢ ᠵᠦᠷᠢᠴᠡᠭᠰᠡᠨ ᠳᠤ ᠲᠤᠭᠠᠴᠠᠬᠳᠠᠵᠤ᠂ ᠲᠡᠭᠦᠨ ᠢ ᠤᠯᠵᠤ ᠮᠡᠳᠡᠪᠡᠯ ᠲᠡᠷᠡ ᠳᠠᠷᠤᠢ ᠳᠤᠨᠢ ᠤᠯᠤᠰ ᠲᠤᠨᠢ ᠬᠦᠷᠭᠡᠳᠡᠭ᠃    4. ᠮᠠᠲ᠋ᠧᠷᠢᠶᠠᠯ ᠬᠠᠭᠤᠷᠮᠠᠭᠯᠠᠨ ᠵᠣᠬᠢᠶᠠᠵᠤ ᠬᠦᠮᠦᠰ ᠢ ᠮᠡᠬᠡᠯᠡᠨ ᠬᠢᠯᠢ ᠠᠴᠠ ᠭᠠᠷᠭᠠᠵᠤ᠂ ᠪᠡᠷᠬᠡ ᠪᠠᠶᠢᠳᠠᠯ ᠳᠤ ᠤᠷᠤᠭᠤᠯᠵᠤ ᠮᠤᠯᠲᠤᠷᠠᠬᠤᠶ᠎ᠠ ᠪᠡᠷᠬᠡ ᠪᠤᠯᠭᠠᠳᠠᠭ ᠵᠠᠷᠢᠮ ᠬᠠᠤᠯᠢ ᠪᠤᠰᠤ ᠡᠲᠡᠭᠡᠳ ᠨᠢ ᠥᠨᠳᠥᠷ ᠴᠠᠯᠢᠩ ᠢᠶᠠᠷ ᠬᠥᠯᠥᠰᠥᠨ ᠠᠵᠢᠯᠴᠢᠨ ᠢ ᠭᠠᠳᠠᠭᠠᠳᠤ ᠳᠤ ᠭᠠᠷᠭᠠᠵᠤ ᠬᠥᠳᠡᠯᠮᠦᠷᠢ ᠦᠢᠯᠡᠴᠢᠯᠡᠭᠡ ᠬᠢᠯᠭᠡᠨ᠎ᠡ ᠭᠡᠵᠦ ᠬᠠᠭᠤᠷᠤᠨ ᠮᠡᠬᠡᠯᠡᠵᠦ᠂ ᠪᠠᠷᠢᠯᠭ᠎ᠠ ᠶᠢᠨ ᠵᠦᠢᠯᠡᠰ ᠪᠠ ᠬᠤᠳᠠᠯ ᠬᠠᠭᠤᠷᠮᠠᠭ ᠭᠡᠷᠡᠴᠢ ᠶᠢ ᠬᠠᠭᠤᠷᠮᠠᠭᠯᠠᠨ ᠵᠣᠬᠢᠶᠠᠵᠤ᠂ ᠬᠦᠮᠦᠰ ᠢ ᠬᠢᠯᠢ ᠠᠴᠠ ᠭᠠᠷᠭᠠᠬᠰᠠᠨ ᠤ ᠲᠠᠷᠠᠭ᠎ᠠ ᠬᠥᠯᠥᠰᠥᠨ ᠠᠵᠢᠯᠴᠢᠨ ᠤ ᠮᠡᠳᠡᠭᠡ ᠬᠤᠯᠪᠣᠭᠠᠨ ᠤ ᠲᠤᠨᠤᠭ ᠲᠥᠬᠦᠭᠡᠷᠦᠮᠵᠢ ᠶᠢ ᠨᠢ ᠬᠤᠷᠢᠶᠠᠨ ᠠᠪᠴᠤ᠂ ᠫᠠᠰᠫᠣᠷᠲ ᠢ ᠨᠢ ᠤᠷᠠᠵᠤ ᠬᠠᠶᠠᠭᠠᠳ ᠲᠡᠭᠦᠨ ᠢ ᠠᠯᠪᠠᠳᠠᠨ ᠬᠢᠯᠢ ᠠᠯᠤᠰᠯᠠᠭᠰᠠᠨ ᠴᠠᠬᠢᠯᠭᠠᠨ ᠬᠤᠯᠪᠣᠭ᠎ᠠ ᠪᠠᠷ ᠮᠡᠬᠡᠯᠡᠬᠦ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠬᠢᠯᠭᠡᠳᠡᠭ ᠪᠠᠶᠢᠨ᠎ᠠ᠃
ᠢᠷᠡᠯᠲᠡ᠄ ᠠᠷᠠᠳ ᠤᠨ ᠰᠦᠯᠵᠢᠶ᠎ᠡ