︽ᠰᠠᠭᠤᠭᠠᠯᠢ ᠠᠷᠠᠳ ᠤᠨ ᠱᠠᠲᠤᠯᠢᠭ ᠴᠠᠬᠢᠯᠭᠠᠨ ᠤ ᠦᠨ᠎ᠡ ᠶᠢᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠤᠯᠪᠣᠭᠳᠠᠯ ᠪᠥᠬᠦᠶ | ᠵᠤᠶᠢᠯᠡᠰ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾ ︵ᠥᠪᠥᠷ | ᠬᠥᠭᠵᠢᠭᠦᠯᠦᠯᠲᠡ ᠥᠭᠡᠷᠡᠴᠢᠯᠡᠯᠲᠡ ᠵᠥᠪᠯᠡᠯ ᠰᠤᠶᠢᠳᠭᠡᠯ ᠥᠰᠥᠭ〔2022〕1996 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ᠂ ︽2023 ᠣᠨ ᠠᠴᠠ | ᠡᠬᠢᠯᠡᠨ᠂ ᠱᠠᠲᠤᠯᠢᠭ ᠴᠠᠬᠢᠯᠭᠠᠨ ᠤ ᠦᠨ᠎ᠡ ᠶᠢ ︿ᠰᠠᠷ᠎ᠠ ᠪᠠᠷ ᠬᠡᠷᠡᠭᠵᠢᠭᠦᠯᠵᠦ﹀ ᠪᠠᠶᠢᠬᠰᠠᠨ ᠠᠴᠠ ᠨᠢ ︿ᠣᠨ ᠢᠶᠠᠷ ᠬᠡᠷᠡᠭᠵᠢᠭᠦᠯᠬᠦ﹀ ᠪᠣᠯᠭᠠᠨ ᠳᠣᠭᠢᠷᠠᠭᠤᠯᠵᠤ᠂ | ᠴᠠᠬᠢᠯᠭᠠᠨ ᠤ ᠲᠤᠤᠷ ᠤᠨ ᠠᠵᠤ ᠠᠬᠤᠶᠢᠯᠠᠯ ᠤᠷᠢᠳᠠᠪᠠᠷ ᠰᠠᠷ᠎ᠠ ᠪᠠᠷ ᠬᠡᠮᠵᠢᠶᠡᠯᠡᠵᠦ ᠲᠠᠰ ᠬᠤᠪᠢᠶᠠᠨ ᠴᠠᠬᠢᠯᠭᠠᠨ ᠤ ᠰᠤᠶᠢᠳᠬᠡᠯ ᠬᠤᠷᠢᠶᠠᠵᠤ᠂ ᠪᠦᠷᠢᠨ ᠪᠦᠲᠦᠨ ᠣᠨ | ᠳᠠᠭᠤᠰᠤᠭᠰᠠᠨ ᠤ ᠳᠠᠷᠠᠭ᠎ᠠ ᠳᠠᠭᠢᠵᠤ ᠡᠷᠦᠬᠡ ᠪᠠᠷ ᠢᠯᠭᠠᠷᠠᠭᠤᠯᠤᠨ ᠪᠤᠳᠤᠬᠤ︾ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠮᠠᠨ ᠤ ᠺᠣᠮᠫᠠᠨᠢ ᠨᠢᠭᠡᠨᠲᠡ 2024 | ᠣᠨ ᠤ ᠰᠠᠭᠤᠭᠠᠯᠢ ᠠᠷᠠᠳ ᠤᠨ ᠱᠠᠲᠤᠯᠢᠭ ᠴᠠᠬᠢᠯᠭᠠᠨ ᠤ ᠰᠤᠶᠢᠳᠬᠡᠯ ᠢ ᠢᠯᠭᠠᠷᠠᠭᠤᠯᠤᠨ ᠪᠤᠳᠤᠬᠤ ᠠᠵᠢᠯ ᠢ ᠪᠡᠶᠡᠯᠡᠭᠦᠯᠪᠡ᠃ | ᠬᠡᠷᠪᠡ ᠲᠠᠨ ᠤ ᠬᠡᠷ ᠤᠨ 2024 ᠣᠨ ᠤ ᠰᠠᠷ᠎ᠠ ᠶᠢᠨ ᠬᠡᠷᠡᠭᠯᠡᠬᠦ ᠴᠠᠬᠢᠯᠭᠠᠨ ᠤ ᠬᠡᠮᠵᠢᠶ᠎ᠡ ᠨᠢ ᠱᠠᠲᠤᠯᠢᠭ ᠴᠠᠬᠢᠯᠭᠠᠨ ᠤ ᠦᠨ᠎ᠡ ᠳᠤ ᠬᠥᠷᠬᠦ ᠪᠥᠭᠡᠳ ᠣᠨ ᠤ | ᠢᠯᠭᠠᠷᠠᠭᠤᠯᠤᠨ ᠪᠤᠳᠤᠬᠤ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠪᠡᠯ᠂ ᠲᠣᠰ ᠤᠳᠠᠭᠠᠨ ᠤ ᠢᠯᠭᠠᠷᠠᠭᠤᠯᠤᠨ ᠪᠤᠳᠤᠯᠲᠠ ᠳᠤ ᠨᠢᠭᠡ ᠬᠡᠰᠡᠭ ᠱᠠᠲᠤᠯᠢᠭ | ᠦᠨ᠎ᠡ ᠶᠢᠨ ᠵᠥᠷᠢᠶ᠎ᠡ ᠮᠥᠩᠭᠦ ᠶᠢ ᠲᠠᠨ ᠤ ᠴᠠᠬᠢᠯᠭᠠᠨ ᠤ ᠰᠤᠶᠢᠳᠬᠡᠯ ᠤᠨ ᠲᠠᠩᠰᠠᠨ ᠡᠷᠦᠬᠡ ᠳᠤ ᠪᠤᠴᠠᠭᠠᠨ᠎ᠠ᠃ ᠲᠠ ︽ᠮᠧᠩ ᠳ᠋ᠢᠶᠠᠨ e ᠮᠦ︾᠂ ︽ᠲᠦᠷᠭᠡᠨ | ᠭᠦᠶᠴᠡᠳᠬᠡᠬᠦ ᠭᠡᠷ ᠤᠨ ᠴᠠᠬᠢᠯᠭᠠᠨ ᠤᠶᠢᠯᠡᠴᠢᠯᠡᠭᠡᠨ ᠤ A 00 ᠸᠢᠴᠠᠲ ᠤᠨ ᠣᠯᠠᠨ ᠨᠡᠶᠢᠳᠡ ᠶᠢᠨ ᠳ᠋ᠤᠭᠠᠷ︾ ᠵᠡᠷᠭᠡ ᠠᠷᠭ᠎ᠠ ᠵᠠᠮ ᠢᠶᠠᠷ ᠴᠠᠬᠢᠯᠭᠠᠨ ᠤ | ᠰᠤᠶᠢᠳᠬᠡᠯ ᠤᠨ ᠳᠠᠩᠰᠠ ᠪᠠᠨ ᠪᠠᠭᠤᠯᠭᠠᠨ ᠠᠪᠬᠤ ᠪᠤᠶᠤ ᠬᠠᠷᠢᠶ᠎ᠠ ᠭᠠᠵᠠᠷ ᠤᠨ ᠴᠠᠬᠢᠯᠭᠠᠨ ᠬᠠᠩᠭᠠᠬᠤ ᠭᠠᠵᠠᠷ᠂ ᠡᠵᠡᠩᠨᠡᠯᠲᠡ ᠶᠢᠨ ᠲᠢᠩᠬᠢᠮ ᠤᠨ ᠰᠦᠯᠵᠢᠶᠡᠨ | ᠭᠠᠳᠠᠨᠠᠬᠢ ᠴᠠᠬᠢᠯᠭᠠᠨ ᠤ ᠰᠤᠶᠢᠳᠬᠡᠯ ᠤᠨ ᠨᠠᠷᠢᠨ ᠳᠠᠩᠰᠠ ᠶᠢ ᠣᠯᠵᠤ ᠱᠠᠲᠤᠯᠢᠭ ᠲᠣᠭᠠᠴᠠᠭ᠎ᠠ ᠬᠢᠬᠦ ᠰᠤᠶᠢᠳᠭᠡᠯ ᠢᠶᠠᠨ ᠪᠠᠶᠢᠴᠠᠭᠠᠨ ᠦᠵᠡᠵᠦ ᠪᠣᠯᠤᠨ᠎ᠠ᠃ ᠬᠡᠷᠪᠡ | ᠶᠠᠮᠠᠷ ᠨᠢᠭᠡᠨ ᠠᠰᠠᠭᠤᠳᠠᠯ ᠪᠠᠶᠢᠪᠠᠯ ᠬᠠᠷᠢᠶ᠎ᠠ ᠭᠠᠵᠠᠷ ᠤᠨ ᠴᠠᠬᠢᠯᠭᠠᠨ ᠬᠦᠴᠦᠨ ᠤ ᠤᠶᠢᠯᠡᠴᠢᠯᠡᠭᠴᠢ ᠪᠤᠶᠤ 95598 ᠴᠠᠬᠢᠯᠭᠠᠨ ᠬᠠᠩᠭᠠᠬᠤ ᠤᠶᠢᠯᠡᠴᠢᠯᠡᠭᠡᠨ ᠤ | ᠤᠲᠠᠰᠤ ᠶᠢ ᠠᠪᠴᠤ ᠠᠰᠠᠭᠤᠭᠠᠷᠠᠶ᠂ ᠪᠢᠳᠡ ᠦᠨᠡᠨ ᠰᠡᠳᠬᠢᠯ ᠠᠴᠠ ᠪᠠᠨ ᠲᠠᠨ ᠳᠤ ᠤᠶᠢᠯᠡᠴᠢᠯᠡᠨ᠎ᠡ᠃ |