22 ᠮᠤᠵᠢ ᠶᠢᠨ ᠵᠠᠰᠠᠭ ᠤᠨ ᠣᠷᠲᠤᠨ ᠤᠯᠠᠭᠠᠨ ᠪᠠᠭᠯᠠᠭ᠎ᠠ ᠲᠠᠷᠬᠠᠭᠠᠪᠠ
ᠨᠡᠶᠢᠲᠡᠯᠡᠭᠰᠡᠨ ᠴᠠᠭ᠄
2025/1/23
     1 ᠰᠠᠷ᠎ᠠ ᠶᠢᠨ 6 ᠤ ᠡᠳᠦᠷ ᠪᠣᠯᠲᠠᠯ᠎ᠠ᠂ ᠪᠥᠬᠦ ᠤᠯᠤᠰ ᠲᠤ ᠨᠠᠭᠠᠳᠤ ᠵᠠᠬ᠎ᠠ ᠳᠠᠭᠠᠨ 22 ᠮᠤᠵᠢ ᠶᠢᠨ ᠬᠢᠨ ᠬᠡᠷᠡᠭᠯᠡᠭᠡᠨ ᠤ ᠵᠤᠶᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢ ᠵᠣᠯᠭᠠᠭᠤᠯᠬᠤ 2025 ᠣᠨ ᠤ ᠬᠠᠮᠢᠶ᠎ᠠ ᠪᠥᠬᠦᠶ ᠠᠵᠢᠯ ᠤᠨ ᠲᠣᠬᠢᠷᠠᠭᠤᠯᠤᠯᠲᠠ ᠶᠢ ᠨᠡᠶᠢᠲᠡᠯᠡᠪᠡ᠃ ᠣᠯᠠᠩᠬᠢ ᠮᠤᠵᠢ ᠶᠢᠨ ᠬᠢᠨ᠂ ᠤᠯᠤᠰ ᠤᠨ 2025 ᠣᠨ ᠤ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠠᠴᠠ ᠡᠮᠦᠨ᠎ᠡ᠂ ᠮᠠᠰᠢᠨ ᠲᠡᠷᠭᠡ᠂ ᠬᠡᠷ ᠤᠨ ᠴᠠᠬᠢᠯᠭᠠᠨ ᠬᠡᠷᠡᠭᠰᠡᠯ᠂ ᠬᠡᠷ ᠤᠨ ᠴᠢᠮᠡᠭᠯᠡᠯ ᠲᠣᠭᠤᠭᠠᠨ ᠬᠡᠷ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠡᠷᠭᠡ ᠳᠥᠷᠪᠡᠨ ᠶᠡᠭᠡ ᠲᠥᠷᠥᠯ ᠤᠨ ᠦᠢᠯᠡᠳᠭᠦᠨ ᠤ ᠨᠥᠬᠦᠪᠥᠷᠢ ᠶᠢᠨ ᠬᠡᠪᠴᠢᠶ᠎ᠡ ᠪᠠ ᠨᠥᠬᠦᠪᠥᠷᠢ ᠶᠢᠨ ᠪᠠᠷᠢᠮᠵᠢᠶ᠎ᠠ ᠶᠢ 2024 ᠣᠨ ᠤ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠦᠨ᠎ᠡ ᠭᠡᠵᠦ ᠲᠤᠳᠤᠷᠬᠠᠶᠢᠯᠠᠵᠠᠢ᠃
ᠢᠷᠡᠯᠲᠡ᠄ ᠠᠷᠠᠳ ᠤᠨ ᠰᠦᠯᠵᠢᠶ᠎ᠡ