ᠡᠷᠭᠦᠨ᠎ᠡ ᠬᠤᠲᠠ ᠶᠢᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2025/1/24
     ᠰᠠᠯᠬᠢᠨ ᠤ ᠠᠶ᠎ᠠ ᠪᠠᠷ ᠳᠠᠷᠪᠠᠭᠤᠯ ᠬᠡᠶᠢᠰᠬᠡᠨ᠂ ᠳᠠᠪᠠᠯᠭᠠᠨ ᠢ ᠰᠥᠷᠥᠨ ᠤᠷᠤᠭᠰᠢᠯᠠᠬᠤ ᠳᠤ ᠬᠦᠴᠦ ᠪᠠᠨ ᠬᠠᠮᠲᠤᠳᠬᠠᠬᠤ ᠬᠡᠷᠡᠭᠲᠡᠢ᠃ 1 ᠰᠠᠷ᠎ᠠ ᠶᠢᠨ 23 ᠤ ᠡᠳᠦᠷ ᠂ ᠬᠤᠲᠠ ᠶᠢᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠭᠠᠳᠠᠨᠠᠬᠢ ᠬᠥᠳᠡᠯᠭᠡᠭᠡᠨ ᠤ ᠲᠥᠪ ᠲᠤ ᠂ ᠡᠷᠭᠦᠨ᠎ᠡ ᠬᠤᠲᠠ ᠶᠢᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠳᠤᠭᠠᠨ ᠡᠬᠢᠯᠡᠪᠡ ᠃ ᠪᠦᠬᠦ ᠬᠤᠳᠠ ᠶᠢᠨ ᠡᠯ᠎ᠡ ᠹᠷᠣᠨᠲ᠂ ᠡᠯ᠎ᠡ ᠠᠵᠢᠯ ᠲᠦᠷᠦᠯ ᠠᠴᠠ ᠢᠷᠡᠭᠰᠡᠨ ᠠᠷᠠᠳ ᠤᠨ ᠲᠥᠯᠥᠭᠡᠯᠡᠭᠴᠢᠳ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠂ ᠢᠲᠡᠭᠡᠯ ᠲᠡᠭᠦᠯᠳᠡᠷ ᠬᠤᠷᠠᠯ ᠤᠨ ᠲᠠᠯᠠᠪᠠᠢ ᠳᠤ  ᠤᠷᠤᠪᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠡᠷᠭᠦᠨ᠎ᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠶᠢᠨ ᠲᠥᠯᠥᠭᠡ ᠂ ᠲᠡᠳᠡᠨᠡᠷ ᠦᠪᠡᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠪᠡ᠃
                人大3.jpg
     ᠦᠳᠡ ᠶᠢᠨ ᠡᠮᠦᠨᠡᠬᠢ 9 ᠴᠠᠭ ᠲᠤ᠂ ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠡᠬᠢᠯᠡᠪᠡ᠃
            人大6.jpg
     ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠠᠨ ᠱᠤ᠋ ᠰᠢᠶᠠ ᠬᠤᠷᠠᠯ ᠢ ᠡᠷᠭᠢᠯᠡᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠳ᠋ᠦ᠋ ᠶᠢᠨ ᠹᠠᠩ᠂ ᠯᠢᠦ ᠬᠤᠩ ᠭᠦᠸᠧ᠂ ᠶᠠᠩ ᠶᠤᠸᠠᠨ ᠹᠧᠩ᠂ ᠵᠤ᠋ ᠶᠢᠨ ᠴᠧᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ  ᠫᠧᠩ ᠵᠢᠶᠠᠨ ᠪᠥᠸᠧ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃
          人大4_副本.jpg
    ᠶᠠᠨ ᠯᠢ ᡁᠢ᠂ ᠭᠧᠩ ᠬᠤᠤ᠂ ᠴᠢᠦ ᠭᠧ ᠫᠢᠩ᠂ ᠵᠠᠩ ᠬᠠᠢ ᠹᠧᠩ᠂ ᠭᠤᠤ ᠶᠦᠨ᠂ ᠸᠠᠩ ᠰᠢᠩ ᠶᠠᠩ᠂ ᠰᠢᠶᠠ ᠢᠦᠢ ᠵᠢᠶᠧ᠂ ᠵᠠᠩ ᠰᠢᠶᠤᠤ ᠹᠧᠩ᠂ ᠶᠠᠩ ᠯᠢ ᠵᠡᠷᠭᠡ  ᠬᠤᠲᠠ ᠶᠢᠨ ᠤᠳᠤᠷᠢᠳᠤᠯᠭ᠎ᠠ ᠵᠢᠴᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃
         人大7.jpg
    ᠡᠷᠭᠦᠨ᠎ᠡ ᠬᠤᠳᠠ ᠶᠢᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠪᠣᠳᠠᠲᠠᠢ ᠪᠠᠶᠢᠭ᠎ᠠ ᠲᠥᠯᠥᠭᠡᠯᠡᠭᠴᠢ 147 ᠬᠥᠮᠦᠨ  ᠪᠠᠶᠢᠵᠤ᠂ ᠲᠤᠰ ᠤᠳᠠᠭᠠᠨ ᠤ ᠬᠤᠷᠠᠯ ᠳᠤ 120 ᠲᠥᠯᠥᠭᠡᠯᠡᠭᠴᠢ ᠤᠷᠤᠯᠴᠠᠨ ᠂ ᠬᠤᠷᠠᠯ ᠳᠤ ᠣᠷᠣᠯᠴᠠᠭᠰᠠᠨ ᠬᠥᠮᠦᠨ ᠤ ᠲᠤᠭ᠎ᠠ ᠨᠢ ᠬᠠᠤᠯᠢ ᠳᠤ ᠲᠣᠭᠲᠠᠭᠠᠭᠰᠠᠨ ᠬᠥᠮᠦᠨ ᠤ ᠲᠤᠭᠠᠨ ᠳᠤ ᠨᠡᠶᠢᠴᠡᠵᠡᠢ᠃
         人大5.jpg
    ᠬᠤᠲᠠ ᠶᠢᠨ ᠵᠠᠰᠠᠭ ᠤᠨ ᠣᠷᠳᠣᠨ ᠤ ᠳᠠᠷᠤᠭ᠎ᠠ ᠭᠧᠩ ᠬᠤᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ ᠠᠵᠢᠯ ᠤᠨ ᠮᠡᠳᠡᠭᠦᠯᠦᠯᠲᠡ ᠬᠢᠪᠡ᠃
              人大8.jpg
    ᠬᠤᠷᠠᠯ ᠤᠨ ᠵᠥᠪᠯᠡᠬᠦ ᠶᠠᠪᠤᠴᠠ ᠶᠢ ᠦᠨᠳᠦᠰᠦᠯᠡᠨ᠂ ᠶᠡᠭᠡ ᠬᠤᠷᠠᠯ ᠠᠴᠠ ᠡᠷᠭᠦᠨ᠎ᠡ ᠬᠤᠳᠠ ᠶᠢᠨ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠮᠡᠳᠡᠭᠦᠯᠦᠯᠲᠡ᠂ ᠡᠷᠭᠦᠨ᠎ᠡ ᠬᠤᠳᠠ ᠶᠢᠨ 2024 ᠣᠨ ᠤ ᠲᠥᠰᠦᠪ ᠢ ᠭᠦᠢᠴᠡᠳᠬᠡᠭᠰᠡᠨ ᠪᠠᠶᠢᠳᠠᠯ ᠪᠠ 2025 ᠣᠨ ᠤ ᠲᠥᠰᠦᠪ ᠤᠨ ᠲᠥᠰᠦᠯ ᠤᠨ ᠮᠡᠳᠡᠭᠦᠯᠦᠯᠲᠡ ᠶᠢ ᠬᠢᠨᠠᠨ ᠪᠠᠶᠢᠴᠠᠭᠠᠪᠠ᠃ ︽ᠡᠷᠭᠦᠨ᠎ᠡ ᠬᠤᠲᠠ ᠶᠢᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠳᠤᠭᠠᠨ ᠤ ᠰᠣᠩᠭᠤᠭᠤᠯᠢ ᠶᠢᠨ ᠠᠷᠭ᠎ᠠ ︵ᠲᠥᠰᠦᠯ︶︾ ᠳᠤ ᠪᠠᠲᠤᠯᠠᠪᠠ᠃
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ