1 ᠰᠠᠷ᠎ᠠ ᠶᠢᠨ 21 ᠤ ᠡᠳᠦᠷ᠂ ᠡᠷᠭᠦᠨ᠎ᠡ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠭᠧᠩ ᠬᠤᠤ ᠡᠷᠭᠦᠨ᠎ᠡ ᠬᠤᠲᠠ ᠶᠢᠨ | ᠴᠠᠬᠢᠯᠭᠠᠨ ᠬᠠᠩᠬᠠᠬᠤ ᠺᠣᠮᠫᠠᠨᠢ ᠪᠠ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ 32109 ᠴᠡᠷᠢᠭ ᠠᠩᠭᠢ ᠳᠤ ᠬᠦᠷᠴᠦ᠂ ᠬᠤᠲᠠ ᠶᠢᠨ ᠨᠠᠮ ᠤᠨ | ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠂ ᠪᠦᠭᠦ ᠬᠤᠲᠠ ᠶᠢᠨ ᠥᠷᠭᠡᠨ ᠤᠯᠠᠨ ᠴᠠᠬᠢᠯᠭᠠᠨ ᠬᠦᠴᠦᠨ ᠤ ᠠᠵᠢᠯᠲᠠᠨ ᠠᠵᠢᠯᠴᠢᠨ᠂ ᠴᠡᠷᠢᠭ ᠠᠩᠭᠢ ᠶᠢᠨ | ᠳᠠᠷᠤᠭ᠎ᠠ ᠪᠠᠶᠢᠯᠳᠤᠭᠴᠢᠳ ᠲᠤ ᠴᠠᠭᠠᠨ ᠰᠠᠷ᠎ᠠ ᠶᠢᠨ ᠮᠡᠨᠳᠦᠴᠢᠯᠡᠯ ᠳᠡᠪᠰᠢᠭᠦᠯᠪᠡ᠃ | ᠡᠷᠭᠦᠨ᠎ᠡ ᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ ᠶᠢᠨ ᠴᠠᠬᠢᠯᠭᠠᠨ ᠬᠦᠴᠦᠨ ᠤ ᠳᠤᠬᠢᠷᠠᠭᠤᠯᠤᠯᠲᠠ ᠶᠢ ᠡᠵᠡᠮᠳᠡᠬᠦ ᠲᠥᠪ ᠲᠤ᠂ ᠭᠧᠩ ᠬᠤᠤ | ᠴᠠᠬᠢᠯᠭᠠᠨ ᠲᠣᠣᠷ ᠤᠨ ᠠᠵᠢᠯᠯᠠᠭ᠎ᠠ᠂ ᠴᠠᠬᠢᠯᠭᠠᠨ ᠲᠣᠣᠷ ᠤᠨ ᠲᠥᠯᠥᠪᠵᠢᠭᠦᠯᠭᠡ ᠂ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠤᠯᠠᠨ ᠤ | ᠵᠢᠯ ᠲᠤᠷᠰᠢ ᠰᠢᠷᠭᠠᠭᠤ ᠬᠠᠲᠠᠭᠤᠵᠢᠯᠲᠠᠢ ᠠᠵᠢᠯᠯᠠᠵᠤ ᠪᠠᠶᠢᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠴᠢᠩ ᠰᠡᠳᠬᠢᠯ ᠤᠨ ᠵᠥᠩᠨᠡᠯ ᠳᠡᠪᠰᠢᠭᠦᠯᠵᠡᠢ᠃ | | ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ 32109 ᠴᠡᠷᠢᠭ ᠠᠩᠬᠢ ᠳᠤ᠂ ᠭᠧᠩ ᠬᠤᠤ ᠡᠬᠡ ᠤᠯᠤᠰ ᠤᠨ ᠤᠮᠠᠷᠠᠲᠤ ᠬᠢᠯᠢ ᠶᠢ ᠤᠳᠠᠭᠠᠨ | ᠵᠢᠯ ᠰᠠᠬᠢᠨ ᠬᠠᠮᠠᠭᠠᠯᠠᠵᠤ ᠪᠠᠶᠢᠭᠰᠠᠨ ᠬᠠᠮᠠᠭᠠᠯᠠᠭᠴᠢ ᠳᠤ ᠳᠣᠲᠣᠨᠣ ᠮᠡᠨᠳᠦᠴᠢᠯᠡᠯ ᠬᠦᠷᠭᠡᠪᠡ᠃ ᠬᠤᠶᠢᠰᠢᠳᠠ ᠂ ᠣᠷᠣᠨ ᠨᠤᠲᠤᠭ ᠤᠨ ᠨᠠᠮ ᠤᠨ ᠬᠤᠷᠢᠶ᠎ᠠ ᠂ ᠵᠠᠰᠠᠭ ᠤᠨ | ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠴᠡᠷᠢᠭ ᠠᠩᠬᠢ ᠶᠢᠨ ᠬᠥᠭᠵᠢᠯᠲᠡ ᠪᠦᠳᠦᠭᠡᠨ ᠪᠠᠶᠢᠭᠤᠯᠤᠯᠲᠠ ᠶᠢ ᠬᠠᠯᠠᠮᠵᠢᠯᠠᠨ ᠲᠡᠮᠵᠢᠵᠤ᠂ ᠳᠠᠷᠤᠭ᠎ᠠ | ᠪᠠᠶᠢᠯᠳᠤᠭᠴᠢᠳ ᠤᠨ ᠬᠦᠴᠢᠷ ᠵᠣᠪᠠᠭᠤᠷᠢ ᠶᠢ ᠢᠳᠡᠪᠬᠢᠲᠡᠢ ᠰᠢᠢᠳᠪᠦᠷᠢᠯᠡᠨ ᠦᠭᠴᠦ ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠬᠢ ᠶᠢᠨ | ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠭᠦᠨ᠎ᠡ ᠭᠡᠵᠡᠢ᠃ | ᠬᠤᠳᠠ ᠶᠢᠨ ᠤᠳᠤᠷᠢᠳᠤᠯᠭ᠎ᠠ ᠴᠢᠦ ᠭᠧ ᠫᠢᠩ ᠂ ᠵᠠᠩ ᠰᠦᠩ ᠪᠥᠸᠧ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠤᠯᠭᠤᠭᠠᠨ ᠦᠵᠡᠬᠦ | ᠠᠵᠢᠯᠯᠠᠭ᠎ᠠ ᠳᠤ ᠣᠷᠣᠯᠴᠠᠪᠠ᠃ |