ᠤᠶᠢᠷ᠎ᠠ ᠳᠤ ᠂ ᠶᠠᠨ ᠯᠢ ᡁᠢ᠂ ᠶᠠᠨ ᠱᠤ᠋ ᠰᠢᠶᠠ ᠵᠡᠷᠭᠡ ᠡᠷᠭᠦᠨ᠎ᠡ ᠬᠤᠲᠠ ᠶᠢᠨ ᠤᠳᠤᠷᠢᠳᠬᠤ ᠪᠠᠭ ᠤᠨ ᠤᠳᠤᠷᠢᠳᠤᠯᠭ᠎ᠠ ᠬᠤᠲᠠ ᠶᠢᠨ ᠠᠷᠠᠳ ᠤᠨ ᠵᠡᠪᠰᠡᠭᠲᠦ | ᠬᠦᠴᠦᠨ ᠤ ᠬᠡᠯᠲᠡᠰ ᠲᠤ ᠬᠦᠷᠴᠦ ᠂ ᠥᠷᠭᠡᠨ ᠣᠯᠠᠨ ᠳᠠᠷᠤᠭ᠎ᠠ ᠪᠠᠶᠢᠯᠳᠤᠭᠴᠢᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠪᠡ᠃ | ᠶᠠᠨ ᠯᠢ ᡁᠢ ᠡᠷᠭᠦᠨ᠎ᠡ ᠬᠤᠳᠠ ᠶᠢᠨ ᠴᠡᠷᠢᠭ ᠡᠯᠰᠡᠬᠦ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠵᠢᠴᠢ ᠰᠠᠭᠤᠭ᠎ᠠ ᠴᠡᠷᠢᠭ ᠠᠩᠬᠢ ᠶᠢᠨ ᠳᠠᠷᠤᠭ᠎ᠠ | ᠪᠠᠶᠢᠯᠳᠤᠭᠴᠢᠳ ᠤᠨ ᠪᠣᠯᠪᠠᠰᠤᠷᠠᠯ᠂ ᠰᠤᠷᠤᠯᠴᠠᠯᠭ᠎ᠠ᠂ ᠠᠮᠢᠳᠤᠷᠠᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠬᠤᠳᠠ ᠶᠢᠨ ᠠᠷᠠᠳ ᠤᠨ ᠵᠡᠪᠰᠡᠭᠲᠦ ᠬᠦᠴᠦᠨ ᠤ | ᠬᠡᠯᠲᠡᠰ ᠤᠨ ᠺᠠᠳ᠋ᠷ ᠠᠵᠢᠯᠳᠠᠨ ᠠᠵᠢᠯᠴᠢᠨ ᠵᠢᠴᠢ ᠪᠦᠬᠦ ᠬᠤᠳᠠ ᠶᠢᠨ ᠥᠷᠭᠡᠨ ᠤᠯᠠᠨ ᠳᠠᠷᠤᠭ᠎ᠠ ᠪᠠᠶᠢᠯᠳᠤᠭᠴᠢᠳ ᠤᠨ ᠤᠷᠳᠤ ᠬᠤᠭᠤᠴᠠᠭᠠᠨ ᠤ ᠲᠤᠷᠰᠢ | ᠡᠷᠭᠦᠨ᠎ᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠡᠷᠭᠦᠨ᠎ᠡ ᠬᠤᠲᠠ ᠶᠢᠨ | ᠨᠠᠮ ᠤᠨ ᠬᠤᠷᠢᠶ᠎ᠠ᠂ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠬᠢ ᠶᠢᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠡᠯ᠎ᠡ ᠵᠦᠢᠯ ᠤᠨ ᠠᠵᠢᠯ ᠢ | ᠦᠷᠭᠦᠯᠵᠢᠯᠡᠨ ᠰᠠᠶᠢᠲᠤᠷ ᠬᠢᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠴᠡᠷᠢᠭ ᠠᠩᠬᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠨ ᠂ ᠴᠡᠷᠢᠭ ᠵᠠᠰᠠᠭ ᠴᠡᠷᠢᠭ | ᠠᠷᠠᠳ ᠤᠨ ᠪᠦᠯᠬᠦᠮᠳᠡᠯ ᠳᠤ ᠰᠠᠶᠢᠬᠠᠨ ᠨᠦᠬᠦᠴᠡᠯ ᠪᠦᠷᠢᠯᠳᠦᠭᠦᠯᠦᠨ ᠦᠭᠭᠦᠨ᠎ᠡ ᠭᠡᠵᠡᠢ᠃ |