ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ 1 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠠᠩ ᠰᠢᠶᠤᠤ ᠹᠧᠩ ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ | ᠬᠤᠲᠠ ᠶᠢᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶᠠᠨ ᠤ ᠳᠠᠷᠤᠭ᠎ᠠ ᠯᠢ ᠶᠠᠨ᠂ ᠰᠠᠨ ᠾᠧ ᠤᠨ ᠬᠤᠲᠣᠩ ᠦᠨᠳᠦᠰᠦᠲᠡᠨ ᠤ ᠰᠢᠶᠠᠩ ᠤᠨ ᠨᠠᠮ ᠤᠨ | ᠬᠤᠷᠢᠶᠠᠨ ᠤ ᠳᠡᠳ᠋ ᠱᠦᠵᠢ᠂ ᠰᠢᠶᠠᠩ ᠤᠨ ᠳᠠᠷᠤᠭ᠎ᠠ ᠬᠤᠩ ᠶᠢᠩ ᠨᠠᠷ ᠲᠡᠳᠡᠨ ᠳᠤ ᠪᠤᠯᠭᠤᠭᠠᠨ ᠦᠵᠡᠬᠦ ᠡᠳ᠋ ᠪᠣᠳᠠᠰ ᠬᠦᠷᠭᠡᠭᠰᠡᠨ ᠪᠥᠭᠡᠳ ᠴᠠᠭᠠᠨ ᠰᠠᠷ᠎ᠠ ᠶᠢᠨ | ᠮᠡᠨᠳᠦᠴᠢᠯᠡᠯ ᠳᠡᠪᠰᠢᠭᠦᠯᠵᠡᠶ᠃ | | | | ᠵᠠᠩ ᠰᠢᠶᠤᠤ ᠹᠧᠩ ᠵᠡᠷᠭᠡ ᠬᠥᠮᠦᠰ ᠶᠠᠭᠤᠨ ᠤ ᠡᠮᠦᠨ᠎ᠡ ᠱᠠᠰᠢᠨ ᠰᠤᠷᠲᠠᠬᠤᠨ ᠤ ᠡᠲᠡᠭᠡᠳ ᠤᠨ ᠲᠥᠯᠥᠭᠡᠯᠡᠭᠴᠢ ᠸᠠᠩ ᠱᠣᠤ ᠵᠢᠶᠦ᠋ᠨ ᠤ ᠬᠡᠷ ᠲᠤ ᠬᠦᠷᠴᠦ᠂ | ᠲᠡᠳᠡᠨ ᠲᠠᠢ ᠳᠣᠲᠣᠨᠣ ᠶᠠᠷᠢᠯᠴᠠᠵᠤ᠂ ᠲᠡᠳᠡᠨ ᠤ ᠪᠡᠶ᠎ᠡ ᠶᠢᠨ ᠪᠠᠶᠢᠳᠠᠯ᠂ ᠠᠮᠢᠳᠤᠷᠠᠯ ᠤᠨ ᠪᠠᠶᠢᠳᠠᠯ ᠵᠡᠷᠭᠡ ᠶᠢ ᠨᠠᠷᠢᠨ ᠣᠶᠢᠯᠠᠭᠠᠵᠤ᠂ ᠣᠷᠳᠣ ᠬᠤᠭᠤᠴᠠᠭᠠᠨ ᠤ ᠲᠤᠷᠰᠢ | ᠱᠠᠰᠢᠨ ᠰᠤᠷᠲᠠᠬᠤᠨ ᠤ ᠡᠲᠡᠭᠡᠳ ᠤᠨ ᠲᠥᠯᠥᠭᠡᠯᠡᠭᠴᠢ ᠬᠥᠮᠦᠰ ᠤᠨ ᠨᠠᠮ ᠪᠠ ᠵᠠᠰᠠᠭ ᠤᠨ ᠣᠷᠳᠣᠨ ᠲᠠᠢ ᠰᠡᠳᠬᠢᠯ ᠰᠠᠨᠠᠭ᠎ᠠ ᠪᠠᠨ ᠨᠢᠭᠡᠳᠬᠡᠨ᠂ ᠬᠠᠮᠲᠤ ᠪᠠᠷ | ᠠᠵᠢᠯᠯᠠᠬᠤ ᠶᠢ ᠪᠠᠷᠢᠮᠲᠠᠯᠠᠭᠰᠠᠭᠠᠷ ᠢᠷᠡᠭᠰᠡᠨ ᠢᠳᠡᠪᠬᠢᠲᠡᠶ ᠦᠢᠯᠡᠳᠦᠯ ᠢ ᠭᠦᠢᠴᠡᠳ ᠨᠤᠲᠠᠯᠠᠪᠠ᠃ | | | | ᠵᠠᠩ ᠰᠢᠶᠤᠤ ᠹᠧᠩ ᠴᠢᠬᠤᠯᠠᠴᠢᠯᠠᠭᠰᠠᠨ ᠨᠢ᠂ ᠪᠥᠬᠦ ᠬᠤᠲᠠ ᠶᠢᠨ ᠱᠠᠰᠢᠨ ᠰᠤᠷᠲᠠᠬᠤᠨ ᠤ ᠡᠲᠡᠭᠡᠳ ᠤᠨ ᠬᠥᠮᠦᠰ ᠪᠠ ᠥᠷᠭᠡᠨ ᠣᠯᠠᠨ ᠲᠦᠮᠡᠨ ᠰᠢ ᠶᠢᠨ | ᠫᠢᠩ ᠨᠥᠬᠦᠷ ᠢᠶᠠᠷ ᠭᠤᠤᠯ ᠪᠤᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠱᠠᠰᠢᠨ ᠰᠤᠷᠲᠠᠬᠤᠨ ᠢ ᠴᠢᠩᠭ᠎ᠠ ᠵᠠᠰᠠᠬᠤ ᠶᠢ | ᠪᠠᠷᠢᠮᠲᠠᠯᠠᠨ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠭᠦᠨᠵᠡᠭᠡᠶ ᠳᠥᠯᠭᠢᠨ ᠠᠬᠢᠭᠤᠯᠵᠤ᠂ ᠱᠠᠰᠢᠨ ᠰᠤᠷᠲᠠᠬᠤᠨ ᠤ ᠡᠲᠡᠭᠡᠳ ᠤᠨ ᠲᠣᠰ ᠪᠡᠶ᠎ᠡ ᠶᠢᠨ | ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠨ᠂ ᠱᠠᠰᠢᠨ ᠰᠤᠷᠲᠠᠬᠤᠨ ᠤ ᠲᠠᠯᠠᠪᠤᠷ ᠤᠨ ᠠᠮᠤᠷ ᠲᠦᠪᠰᠢᠨ ᠤ ᠬᠠᠮᠢᠶᠠᠷᠤᠯᠲᠠ ᠶᠢ ᠪᠣᠳᠠᠲᠠᠶ ᠪᠥᠭᠡᠳ ᠨᠠᠷᠢᠯᠢᠭ | ᠬᠢᠵᠦ᠂ ᠱᠠᠰᠢᠨ ᠰᠤᠷᠲᠠᠬᠤᠨ ᠤ ᠬᠦᠷᠢᠶᠡᠨ ᠳᠠᠬᠢ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠭᠡ ᠣᠷᠣᠨ ᠤ | ᠨᠢᠭᠡᠳᠦᠯ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠳᠤᠮᠳᠠ ᠢᠳᠡᠪᠬᠢᠲᠡᠶ ᠦᠢᠯᠡᠳᠦᠯ ᠢᠶᠠᠨ | ᠪᠠᠳᠠᠷᠠᠭᠤᠯᠤᠨ᠎ᠠ᠃ |