ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠠᠩ ᠰᠢᠶᠤᠤ ᠹᠧᠩ ᠪᠠᠶᠢᠴᠠᠭᠠᠬᠤ ᠳᠤᠭᠤᠶᠢᠯᠠᠩ ᠳᠠᠭᠠᠭᠤᠯᠤᠨ ᠰᠠᠨ ᠾᠧ ᠤᠨ ᠬᠤᠲᠣᠩ ᠦᠨᠳᠦᠰᠦᠲᠡᠨ ᠤ ᠰᠢᠶᠠᠩ ᠤᠨ ᠱᠠᠰᠢᠨ ᠰᠤᠷᠲᠠᠬᠤᠨ ᠤ ᠲᠠᠯᠠᠪᠤᠷ ᠤᠨ ᠠᠮᠤᠷ ᠲᠦᠪᠰᠢᠨ ᠢ ᠪᠠᠶᠢᠴᠠᠭᠠᠪᠠ
ᠨᠡᠶᠢᠲᠡᠯᠡᠭᠰᠡᠨ ᠴᠠᠭ᠄
2025/1/24
     ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠪᠣᠯᠤᠨ ᠭᠠᠯ ᠤᠨᠲᠠᠷᠠᠭᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠦᠨᠡᠨᠬᠦ ᠴᠢᠩᠭᠠᠳᠬᠠᠬᠤ ᠶᠢᠨ ᠲᠥᠯᠥᠭᠡ᠂ 1 ᠰᠠᠷ᠎ᠠ ᠶᠢᠨ 15 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠠᠩ ᠰᠢᠶᠤᠤ ᠹᠧᠩ ᠪᠠᠶᠢᠴᠠᠭᠠᠬᠤ ᠳᠤᠭᠤᠶᠢᠯᠠᠩ ᠳᠠᠭᠠᠭᠤᠯᠤᠨ ᠂ ᠰᠠᠨ ᠾᠧ ᠤᠨ ᠬᠤᠲᠣᠩ ᠦᠨᠳᠦᠰᠦᠲᠡᠨ ᠤ ᠰᠢᠶᠠᠩ ᠤᠨ ᠱᠠᠰᠢᠨ ᠰᠤᠷᠲᠠᠬᠤᠨ ᠤ ᠲᠠᠯᠠᠪᠤᠷ ᠤᠨ ᠠᠮᠤᠷ ᠲᠦᠪᠰᠢᠨ ᠢ ᠪᠠᠶᠢᠴᠠᠭᠠᠪᠠ᠃
         三河5_副本.jpg
     ᠪᠠᠶᠢᠴᠠᠭᠠᠬᠤ ᠳᠤᠭᠤᠶᠢᠯᠠᠩ ᠭᠤᠤᠯᠳᠠᠯᠭ᠎ᠠ ᠲᠠᠢ ᠲᠠᠯᠠᠪᠤᠷ ᠵᠢᠴᠢ ᠪᠠᠷᠢᠯᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠳᠠᠯ ᠢ ᠪᠥᠬᠦ ᠲᠠᠯ᠎ᠠ ᠪᠠᠷ ᠨᠠᠷᠢᠨ ᠨᠢᠮᠪᠠᠶ ᠪᠠᠶᠢᠴᠠᠭᠠᠪᠠ᠃ ᠡᠭᠦᠨ ᠤ ᠬᠠᠮᠲᠤ ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠵᠡᠷᠭᠡ ᠴᠢᠬᠤᠯᠠ ᠪᠦᠬᠦᠢ ᠲᠥᠬᠦᠭᠡᠷᠦᠮᠵᠢ ᠶᠢ ᠲᠣᠬᠢᠷᠠᠭᠤᠯᠤᠭᠰᠠᠨ ᠡᠰᠡᠬᠦ ᠵᠢᠴᠢ ᠲᠠᠯᠳᠠ ᠭᠡᠮ ᠣᠷᠣᠰᠢᠵᠤ ᠪᠠᠶᠢᠬᠤ ᠡᠰᠡᠬᠦ ᠶᠢ ᠭᠤᠤᠯᠯᠠᠨ ᠪᠠᠶᠢᠴᠠᠭᠠᠪᠠ᠃
        三河6_副本.jpg
    ᠲᠠᠷᠠᠭᠠᠴᠢ ᠶᠢᠨ ᠠᠯᠬᠤᠮ ᠳᠤ᠂ ᠰᠠᠨ ᠾᠧ ᠤᠨ ᠬᠤᠲᠣᠩ ᠦᠨᠳᠦᠰᠦᠲᠡᠨ ᠤ ᠰᠢᠶᠠᠩ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠱᠠᠰᠢᠨ ᠰᠤᠷᠲᠠᠬᠤᠨ ᠤ ᠲᠠᠯᠠᠪᠤᠷ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠲᠤᠭᠲᠠᠭᠰᠠᠨ ᠬᠤᠭᠤᠴᠠᠭ᠎ᠠ ᠲᠠᠢ ᠲᠤᠰᠬᠠᠶ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠠᠰᠠᠭᠤᠳᠠᠯ ᠢ ᠴᠠᠭ ᠲᠤᠬᠠᠶ ᠳᠤ  ᠨᠢ ᠰᠢᠢᠳᠪᠦᠷᠢᠯᠡᠨ᠎ᠡ᠃ ᠡᠭᠦᠨ ᠤ ᠬᠠᠮᠲᠤ ᠂ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠲᠡᠳᠡᠨ ᠢ ᠬᠥᠲᠥᠯᠥᠨ ᠵᠢᠯᠣᠭᠤᠳᠴᠤ᠂ ᠱᠠᠰᠢᠨ ᠰᠤᠷᠲᠠᠬᠤᠨ ᠤ ᠲᠠᠯᠠᠪᠤᠷ ᠤᠨ ᠡᠮᠬᠢ ᠵᠢᠷᠤᠮ ᠲᠠᠢ ᠪᠠᠶᠢᠬᠤ ᠶᠢ ᠪᠠᠲᠤᠯᠠᠨ᠎ᠠ ᠭᠡᠵᠡᠢ᠃
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ