ᠬᠠᠬᠢᠷ ᠡᠪᠦᠯ ᠤᠨ ᠴᠠᠭ ᠲᠤ᠂ ᠬᠦᠮᠦᠰ ᠤᠨ ᠰᠡᠳᠭᠢᠯ ᠬᠠᠯᠠᠭᠤᠨ ᠳᠤᠯᠠᠭᠠᠨ ᠪᠠᠶᠢᠪᠠ᠃ 12 ᠰᠠᠷ᠎ᠠ ᠶᠢᠨ 31 ᠤ ᠡᠳᠦᠷ᠂ ᠡᠷᠭᠦᠨ᠎ᠡ ᠬᠤᠲᠠ ᠶᠢᠨ ᠨᠠᠮ ᠤᠨ | ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠭᠧᠩ ᠬᠤᠤ ᠬᠤᠲᠠ ᠶᠢᠨ ᠰᠠᠭᠤᠷᠢ ᠲᠥᠬᠦᠭᠡᠷᠦᠮᠵᠢ ᠶᠢᠨ ᠡᠵᠡᠩᠨᠡᠯᠲᠡ ᠶᠢᠨ ᠬᠢᠵᠠᠭᠠᠷᠲᠤ ᠺᠣᠮᠫᠠᠨᠢ ᠶᠢᠨ | ᠢᠯᠴᠢ ᠶᠢᠨ ᠬᠦᠴᠦᠨ ᠤ ᠦᠢᠯᠡᠳᠪᠦᠷᠢ ᠪᠠ ᠳᠤᠯᠠᠭᠠᠯᠠᠬᠤ ᠢᠨᠵᠧᠨᠧᠷᠢᠩ ᠢ ᠦᠭᠡᠷᠡᠴᠢᠯᠡᠭᠰᠡᠨ ᠤ ᠳᠠᠷᠠᠭ᠎ᠠ ᠰᠠᠭᠤᠭᠠᠯᠢ ᠠᠷᠠᠳ ᠤᠨ ᠬᠡᠷ ᠲᠤ ᠭᠦᠨᠵᠡᠭᠡᠶᠢᠷᠡᠵᠦ᠂ | ᠳᠤᠯᠠᠭᠠᠯᠠᠬᠤ ᠠᠵᠢᠯ ᠢ ᠱᠠᠯᠠᠪᠳᠠᠭᠤᠯᠤᠨ ᠵᠢᠯᠤᠭᠤᠳᠪᠠ᠃ | | | | ᠡᠷᠭᠦᠨ᠎ᠡ ᠬᠤᠳᠠ ᠶᠢᠨ ᠬᠤᠳᠠ ᠶᠢᠨ ᠰᠠᠭᠤᠷᠢ ᠲᠥᠬᠦᠭᠡᠷᠦᠮᠵᠢ ᠶᠢᠨ ᠡᠵᠡᠩᠨᠡᠯᠲᠡ ᠶᠢᠨ ᠬᠢᠵᠠᠭᠠᠷᠲᠤ ᠺᠣᠮᠫᠠᠨᠢ ᠳᠤ᠂ ᠭᠧᠩ ᠬᠤᠤ ᠳᠤᠯᠠᠭᠠᠯᠠᠭ᠎ᠠ ᠶᠢᠨ ᠪᠠᠶᠢᠳᠠᠯ ᠢ | ᠨᠠᠷᠢᠨ ᠨᠢᠮᠪᠠᠢ ᠤᠶᠢᠯᠠᠭᠠᠪᠠ᠃ ᠲᠡᠷᠡ ᠬᠡᠯᠡᠭᠰᠡᠨ ᠨᠢ ᠬᠤᠲᠠ ᠶᠢᠨ ᠳᠤᠯᠠᠭᠠᠯᠠᠭ᠎ᠠ ᠪᠤᠯ ᠨᠢᠭᠡᠨ ᠴᠢᠬᠤᠯᠠ ᠠᠷᠠᠳ ᠤᠨ ᠠᠮᠢᠳᠤᠷᠠᠯ ᠲᠠᠢ ᠬᠤᠯᠪᠤᠭᠳᠠᠬᠤ ᠢᠨᠵᠧᠨᠧᠷᠢᠩ | ᠮᠦᠨ᠃ ᠡᠷᠬᠡᠪᠰᠢ ᠴᠠᠭ ᠢᠮᠠᠭᠲᠠ ᠤᠯᠠᠨ ᠲᠦᠮᠡᠨ ᠤ ᠳᠤᠯᠠᠭᠠᠯᠠᠭ᠎ᠠ ᠶᠢ ᠰᠡᠳᠭᠢᠯ ᠳᠤ ᠪᠠᠨ ᠲᠠᠯᠪᠢᠬᠤ ᠬᠡᠷᠡᠭᠲᠡᠢ᠃ ᠡᠯ᠎ᠡ ᠰᠠᠯᠠᠭ᠎ᠠ ᠮᠦᠴᠢᠷ ᠵᠠᠪᠠᠯ ᠡᠭᠦᠷᠬᠡ | ᠬᠠᠷᠢᠭᠤᠴᠠᠯᠭ᠎ᠠ ᠪᠠᠨ ᠴᠢᠩᠭᠠᠳᠬᠠᠨ᠎ᠠ᠃ ᠲᠤᠨᠤᠭ ᠲᠥᠬᠦᠭᠡᠷᠦᠮᠵᠢ ᠶᠢ ᠵᠠᠰᠠᠬᠤ ᠪᠠ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠢ ᠪᠦᠬᠦ ᠬᠦᠴᠦᠨ ᠢᠶᠠᠷ ᠢᠶᠠᠨ | ᠴᠢᠩᠳᠠᠯᠠᠨ ᠂ ᠳᠤᠯᠠᠭᠠᠯᠠᠭ᠎ᠠ ᠶᠢᠨ ᠴᠢᠨᠠᠷ ᠴᠢᠨᠰᠠᠭ᠎ᠠ ᠪᠣᠯᠤᠨ ᠦᠢᠯᠡᠴᠢᠯᠡᠭᠡᠨ ᠤ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠥᠷᠭᠡᠨ ᠤᠯᠠᠨ ᠬᠤᠳᠠ ᠶᠢᠨ | ᠠᠷᠠᠳ ᠢ ᠳᠤᠯᠠᠭᠠᠨ ᠪᠦᠯᠢᠶᠡᠨ ᠡᠪᠦᠯᠵᠢᠭᠦᠯᠬᠦ ᠶᠢ ᠪᠠᠲᠤᠯᠠᠬᠤ ᠬᠡᠷᠡᠭᠲᠡᠢ᠃ | ᠳᠠᠷᠠᠭ᠎ᠠ ᠳᠤ ᠨᠢ᠂ ᠭᠧᠩ ᠬᠤᠤ ᠪᠠᠰᠠ ᠳᠤᠯᠠᠭᠠᠯᠠᠬᠤ ᠢᠨᠵᠧᠨᠧᠷᠢᠩ ᠢ ᠦᠭᠡᠷᠡᠴᠢᠯᠡᠭᠰᠡᠨ ᠤ ᠳᠠᠷᠠᠭᠠᠬᠢ ᠰᠠᠭᠤᠭᠠᠯᠢ ᠠᠷᠠᠳ ᠤᠨ ᠭᠡᠷ ᠲᠤ ᠬᠦᠷᠴᠦ᠂ | ᠰᠠᠭᠤᠭᠠᠯᠢ ᠠᠷᠠᠳ ᠲᠠᠢ ᠳᠤᠲᠤᠨᠤᠰᠤᠭ ᠶᠠᠷᠢᠯᠴᠠᠵᠤ᠂ ᠳᠤᠯᠠᠭᠠᠯᠭ᠎ᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠭᠡᠷ ᠳᠣᠲᠣᠷᠠᠬᠢ ᠳᠤᠯᠠᠭᠠᠨ ᠤ ᠬᠡᠮᠵᠢᠶ᠎ᠡ ᠶᠢ | ᠲᠤᠬᠠᠢ ᠶᠢᠨ ᠲᠠᠯᠠᠪᠤᠷ ᠲᠤ ᠬᠡᠮᠵᠢᠨ ᠦᠵᠡᠪᠡ᠃ ᠲᠡᠷᠡ ᠴᠢᠬᠤᠯᠠᠴᠢᠯᠠᠭᠰᠠᠨ ᠨᠢ᠂ ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠪᠠᠶᠢᠳᠠᠭ ᠥᠬᠡᠶ ᠃ | ᠳᠤᠯᠠᠭᠠᠯᠠᠬᠤ ᠪᠠᠲᠤᠯᠠᠭ᠎ᠠ ᠪᠣᠯ ᠶᠡᠭᠡ ᠶᠠᠪᠤᠳᠠᠯ ᠤᠨ ᠳᠤᠮᠳᠠᠬᠢ ᠴᠢᠬᠤᠯᠠ ᠶᠠᠪᠤᠳᠠᠯ ᠮᠥᠨ ᠃ ᠡᠯ᠎ᠡ ᠰᠠᠯᠠᠭ᠎ᠠ ᠮᠥᠴᠢᠷ ᠡᠷᠬᠡᠪᠰᠢ ᠳᠡᠭᠡᠳᠦ ᠬᠡᠮᠵᠢᠶᠡᠨ ᠤ ᠤᠯᠤᠰ | ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠶᠢᠬᠤ ᠬᠡᠷᠡᠭᠲᠡᠢ᠃ ᠳᠤᠯᠠᠭᠠᠯᠠᠬᠤ ᠠᠵᠢᠯ ᠢ ᠵᠠᠪᠠᠯ ᠭᠦᠨᠵᠡᠭᠡᠶ᠂ ᠨᠠᠷᠢᠯᠢᠭ᠂ ᠪᠣᠳᠠᠲᠠᠶ ᠬᠢᠵᠦ᠂ ᠦᠪᠡᠷ ᠤᠨ ᠪᠣᠳᠠᠲᠤ | ᠦᠢᠯᠡ ᠠᠵᠢᠯᠯᠠᠭ᠎ᠠ ᠪᠠᠷ ᠢᠶᠠᠨ ᠠᠷᠠᠳ ᠤᠨ ᠰᠡᠳᠬᠢᠯ ᠢ ᠬᠦᠳᠡᠯᠭᠡᠬᠦ ᠬᠡᠷᠡᠭᠲᠡᠶ ᠭᠡᠵᠡᠶ᠃ |