ᠡᠩᠬᠡ ᠬᠠᠳᠠ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠭᠠᠵᠠᠷ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠰᠡᠷᠭᠡᠶᠢᠯᠡᠬᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/4
     ᠵᠢᠯ ᠤᠨ ᠰᠡᠭᠦᠯ ᠵᠢᠯ ᠤᠨ ᠡᠬᠢᠨ ᠳᠤ᠂ ᠮᠥᠩᠭᠦᠨ ᠭᠦᠢᠯᠭᠡᠭᠡᠨ ᠤ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠵᠤ᠂ ᠡᠩᠬᠡ ᠬᠠᠳᠠ ᠪᠠᠯᠭᠠᠰᠤᠨ ᠤ ᠺᠠᠳ᠋ᠷ ᠠᠵᠢᠯᠲᠠᠨ ᠤ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠰᠡᠷᠭᠡᠶᠢᠯᠡᠬᠦ ᠤᠬᠠᠮᠰᠠᠷ ᠪᠠ ᠢᠯᠭᠠᠨ ᠲᠠᠨᠢᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 1 ᠰᠠᠷ᠎ᠠ ᠶᠢᠨ 3 ᠤ ᠡᠳᠦᠷ᠂ ᠡᠩᠬᠡ ᠬᠠᠳᠠ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠭᠠᠵᠠᠷ ᠵᠢᠯ ᠤᠨ ᠰᠡᠭᠦᠯ ᠵᠢᠯ ᠤᠨ ᠡᠬᠢᠨ ᠳᠤ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠰᠡᠷᠭᠡᠶᠢᠯᠡᠬᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃
        恩和1.jpg
     ᠬᠤᠷᠠᠯ ᠳᠡᠭᠡᠷ᠎ᠡ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠰᠡᠷᠭᠡᠶᠢᠯᠡᠬᠦ ᠲᠤᠬᠠᠢ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠪᠣᠯᠤᠨ ᠣᠬᠤᠷ ᠸᠢᠳᠢᠣ᠋  ᠶᠢ ᠦᠵᠡᠬᠦ ᠪᠠᠷ ᠳᠠᠮᠵᠢᠭᠤᠯᠵᠤ᠂ ᠰᠠᠶᠢᠨ ᠳᠤᠷᠠᠴᠤᠳ  ᠲᠤ ︽ᠶᠠᠮᠠᠷᠪᠠ ᠪᠠᠶᠢᠭᠤᠯᠭ᠎ᠠ ᠨᠢᠭᠡᠴᠡ ᠪᠣᠯᠤᠨ ᠬᠤᠪᠢ ᠬᠥᠮᠦᠨ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠨ ᠠᠵᠤ ᠠᠬᠤᠢ ᠶᠢᠨ ᠠᠰᠢᠭ ᠬᠤᠨᠵᠢᠪᠤᠷᠢ ᠣᠯᠵᠤ ᠪᠣᠯᠬᠤ ᠦᠭᠡᠢ︾ ᠪᠠ ︽ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠳᠤ ᠣᠷᠣᠯᠴᠠᠭᠠᠳ ᠬᠤᠬᠢᠷᠠᠯ ᠳᠤ ᠤᠴᠠᠷᠠᠭᠰᠠᠨ ᠦᠶ᠎ᠡ ᠳᠤ᠂ ᠣᠷᠣᠯᠴᠠᠭᠰᠠᠳ ᠥᠪᠡᠷ ᠢᠶᠠᠨ ᠬᠠᠷᠢᠭᠤᠴᠠᠯᠭ᠎ᠠ ᠡᠭᠦᠷᠭᠡᠯᠡᠨ᠎ᠡ︾ ᠭᠡᠬᠦ ᠤᠢᠢᠯᠠᠭᠠᠭᠳᠠᠬᠤᠨ ᠢ ᠤᠬᠠᠭᠤᠯᠤᠨ ᠲᠦᠭᠡᠮᠡᠯᠵᠢᠭᠦᠯᠵᠡᠢ᠃ ᠲᠠᠷᠠᠭ᠎ᠠ ᠳᠤ  ᠨᠢ᠂ ᠤᠬᠠᠭᠤᠯᠤᠨ ᠲᠠᠶᠢᠯᠪᠤᠷᠢᠯᠠᠭᠴᠢ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠰᠡᠷᠭᠡᠶᠢᠯᠡᠬᠦ ᠮᠡᠳᠡᠯᠭᠡ ᠶᠢ ᠰᠢᠨᠵᠢᠯᠡᠬᠦ ᠤᠬᠠᠭᠠᠨᠴᠢ ᠪᠠᠷ ᠤᠬᠠᠭᠤᠯᠤᠨ ᠲᠠᠶᠢᠯᠪᠤᠷᠢᠯᠠᠪᠠ᠃ ᠮᠡᠬᠡᠯᠡᠬᠦ ᠠᠷᠭ᠎ᠠ ᠶᠢ ᠢᠯᠡᠴᠢᠯᠡᠨ᠂ ᠤᠯᠠᠨ ᠤ ᠬᠠᠤᠯᠢ ᠴᠠᠭᠠᠵᠠ ᠶᠢᠨ ᠤᠬᠠᠮᠰᠠᠷ ᠪᠣᠯᠤᠨ ᠠᠶᠤᠯ ᠲᠦᠭᠰᠢᠭᠦᠷᠢ ᠶᠢ ᠢᠯᠭᠠᠨ ᠲᠠᠨᠢᠬᠤ ᠴᠢᠳᠠᠪᠤᠷᠢ ᠶᠢ ᠳᠡᠭᠡᠭᠰᠢᠯᠡᠭᠦᠯᠵᠦ᠂ ︽ᠥᠨᠳᠥᠷ ᠬᠦᠦ ᠲᠠᠢ ᠪᠡᠯᠡ ᠮᠦᠩᠬᠦ ᠪᠠᠨ ᠪᠠᠲᠤᠯᠠᠬᠤ ᠪᠣᠯ ᠮᠡᠬᠡᠯᠡᠯ ᠮᠥᠨ︾ ᠭᠡᠬᠦ ᠤᠢᠢᠯᠠᠭᠠᠭᠳᠠᠬᠤᠨ ᠢ ᠬᠥᠮᠦᠰ ᠭᠦᠨᠵᠡᠭᠡᠢ ᠤᠬᠠᠪᠠ᠃
      恩和2.jpg
     ᠳᠠᠷᠠᠭᠠᠴᠢ ᠶᠢᠨ ᠠᠯᠬᠤᠮ ᠳᠤ᠂ ᠮᠠᠨ ᠤ ᠪᠠᠯᠭᠠᠰᠤ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠰᠡᠷᠭᠡᠶᠢᠯᠡᠬᠦ ᠠᠭᠤᠷ ᠠᠮᠢᠰᠬᠤᠯ ᠢ ᠦᠷᠭᠦᠯᠵᠢᠯᠡᠨ ᠪᠤᠢ ᠪᠣᠯᠭᠠᠵᠤ᠂ ᠥᠷᠭᠡᠨ ᠤᠯᠠᠨ ᠺᠠᠳ᠋ᠷ ᠠᠵᠢᠯᠳᠠᠨ ᠤ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠰᠡᠷᠭᠡᠶᠢᠯᠡᠬᠦ ᠤᠬᠠᠮᠰᠠᠷ ᠢ ᠪᠦᠲᠦᠮᠵᠢᠲᠡᠢ ᠳᠡᠭᠡᠭᠰᠢᠯᠡᠭᠦᠯᠦᠨ᠎ᠡ᠃ ᠤᠯᠠᠨ ᠢ ᠬᠦᠳᠦᠯᠦᠨ ᠵᠢᠯᠣᠭᠤᠳᠴᠤ ᠂ ᠦᠪᠡᠷ ᠤᠨ ᠤᠬᠠᠮᠰᠠᠷ ᠠᠴᠠ ᠪᠠᠨ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠳᠤ ᠤᠷᠤᠯᠴᠠᠬᠤ ᠦᠭᠡᠢ᠂ ᠡᠳ᠋ ᠬᠦᠷᠦᠩᠬᠡ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠦᠬᠦ ᠬᠦᠴᠦᠨ ᠢᠶᠠᠷ ᠢᠶᠠᠨ ᠪᠠᠬᠢᠵᠢᠭᠦᠯᠦᠨ᠎ᠡ ᠭᠡᠵᠡᠢ ᠃ 
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ