2025 ᠣᠨ ᠤ 1 ᠰᠠᠷ᠎ᠠ ᠶᠢᠨ 3 ᠤ ᠡᠳᠦᠷ ᠤᠨ ᠦᠳᠡ ᠶᠢᠨ ᠬᠤᠶᠢᠨ᠎ᠠ ᠶᠦᠨᠨᠠᠨ ᠮᠤᠵᠢ ᠶᠢᠨ ᠯᠢᠨᠼᠠᠩ ᠬᠤᠲᠠ ᠶᠢᠨ ᠯᠢᠨ ᠰᠢᠶᠠᠩ ᠲᠣᠭᠤᠷᠢᠭ ᠤᠨ | ᠬᠤᠯᠪᠣᠭᠳᠠᠯ ᠪᠥᠬᠦᠶ ᠰᠠᠯᠠᠭ᠎ᠠ ᠮᠥᠴᠢᠷ ᠵᠠᠷᠯᠠᠯ ᠨᠡᠶᠢᠲᠡᠯᠡᠵᠦ᠂ 2024 ᠣᠨ ᠤ 12 ᠰᠠᠷ᠎ᠠ ᠶᠢᠨ 31 ᠤ ᠡᠳᠦᠷ ᠯᠢᠨᠼᠠᠩ ᠬᠤᠲᠠ ᠶᠢᠨ ᠢ ᠴᠧᠩ | ᠲᠤᠷᠰᠢᠯᠲᠠ ᠶᠢᠨ ᠰᠤᠷᠭᠠᠭᠤᠯᠢ ︵ᠪᠠᠭ᠎ᠠ ᠰᠤᠷᠭᠠᠭᠤᠯᠢ︶ ᠶᠢᠨ ᠣᠯᠠᠨ ᠰᠣᠷᠣᠭᠴᠢ ᠶᠢᠨ ᠭᠡᠳᠡᠰᠦ ᠨᠢ ᠡᠪᠡᠳᠴᠦ᠂ ᠳᠤᠷ᠎ᠠ ᠪᠤᠯᠭᠢᠵᠤ᠂ ᠪᠥᠭᠡᠯᠵᠢᠭᠡᠳ ᠡᠮᠨᠡᠯᠭᠡ ᠶᠢᠨ | ᠬᠤᠷᠢᠶᠠᠨ ᠳᠤ ᠬᠦᠷᠴᠦ ᠡᠮᠨᠡᠭᠦᠯᠪᠡ᠃ ᠣᠲᠣ ᠪᠣᠯᠲᠠᠯ᠎ᠠ᠂ ᠨᠤᠷᠧ ᠸᠢᠷᠦ᠋ᠰ ᠲᠤ ᠬᠠᠯᠳᠠᠪᠤᠷᠢᠯᠠᠭᠳᠠᠭᠰᠠᠨ ᠰᠡᠵᠢᠭᠲᠡᠶ 121 ᠡᠪᠡᠳᠴᠢᠲᠡᠨ ᠢ ᠡᠮᠨᠡᠨ ᠵᠠᠰᠠᠵᠤ᠂ | ᠡᠪᠡᠳᠴᠢᠨ ᠦᠵᠡᠭᠦᠯᠦᠭᠰᠡᠨ ᠪᠣᠶ ᠪᠥᠬᠦᠶ ᠰᠤᠷᠤᠭᠴᠢᠳ ᠢ ᠴᠥᠮ ᠴᠠᠭ ᠲᠤᠬᠠᠶ ᠳᠤᠨᠢ ᠪᠦᠲᠦᠮᠵᠢᠲᠡᠶ ᠡᠮᠨᠡᠨ ᠵᠠᠰᠠᠬᠰᠠᠨ ᠢᠶᠠᠷ ᠬᠦᠨᠳᠦ ᠡᠪᠡᠳᠴᠢᠲᠡᠨ ᠭᠠᠷᠤᠬᠰᠠᠨ | ᠥᠬᠡᠶ᠂ ᠴᠥᠮ ᠡᠪᠡᠳᠴᠢᠨ ᠨᠢ ᠭᠠᠶᠢᠭᠤᠢ ᠪᠤᠯᠤᠬᠰᠠᠨ ᠪᠠᠶᠢᠨ᠎ᠠ ᠬᠡᠪᠡ᠃ | ᠵᠠᠷᠯᠠᠯ ᠳᠤ ᠪᠠᠰᠠ᠂ ᠬᠡᠷᠡᠭ ᠭᠠᠷᠤᠭᠰᠠᠨ ᠤ ᠳᠠᠷᠠᠭ᠎ᠠ ᠯᠢᠨᠼᠠᠩ ᠬᠤᠲᠠ᠂ ᠯᠢᠨ ᠰᠢᠶᠠᠩ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ | ᠮᠥᠴᠢᠷ ᠤᠨ ᠬᠢᠨ ᠡᠮᠴᠢᠯᠡᠭᠡᠨ ᠤ ᠪᠠᠶᠢᠭᠤᠯᠤᠮᠵᠢ ᠶᠢ ᠵᠢᠯᠣᠭᠤᠳᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠳᠠᠷᠤᠶ ᠲᠦᠷᠭᠡᠨ ᠡᠬᠢᠯᠡᠭᠦᠯᠵᠦ᠂ | ᠰᠠᠭᠠᠳ ᠥᠬᠡᠶ ᠨᠡᠪᠲᠡᠷᠡᠬᠦ ᠵᠠᠮ ᠢ ᠨᠡᠪᠲᠡᠷᠡᠭᠦᠯᠦᠨ᠂ ᠡᠮᠨᠡᠬᠦ ᠲᠠᠰᠤᠭ ᠵᠢᠴᠢ ᠡᠪᠡᠳᠴᠢᠲᠡᠨ ᠤ ᠲᠣᠭᠤᠷᠢᠭ ᠢ ᠨᠡᠮᠡᠭᠳᠡᠭᠦᠯᠵᠦ᠂ ᠡᠮᠨᠡᠯᠭᠡ ᠶᠢᠨ ᠠᠵᠢᠯᠲᠠᠨ ᠨᠡᠮᠡᠵᠦ᠂ | ᠣᠨᠣᠰᠢᠯᠠᠨ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠡᠶ᠃ ᠯᠢᠨᠼᠠᠩ ᠬᠤᠳᠠ᠂ ᠯᠢᠨ ᠰᠢᠶᠠᠩ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ | ᠡᠵᠡᠮᠳᠡᠬᠦ ᠲᠥᠪ ᠨᠢ ᠰᠤᠷᠭᠠᠭᠤᠯᠢ᠂ ᠡᠮᠨᠡᠯᠭᠡ ᠶᠢᠨ ᠬᠤᠷᠢᠶ᠎ᠠ ᠳᠤ ᠭᠦᠨᠵᠡᠭᠡᠶᠢᠷᠡᠨ ᠲᠠᠬᠤᠯ ᠡᠪᠡᠳᠴᠢᠨ ᠤ ᠤᠬᠠᠭᠠᠨ ᠤ ᠪᠠᠶᠢᠴᠠᠭᠠᠯᠲᠠ ᠬᠢᠵᠦ᠂ ᠰᠤᠷᠭᠠᠭᠤᠯᠢ ᠶᠢᠨ | ᠣᠷᠴᠢᠨ ᠲᠣᠭᠤᠷᠢᠨ ᠠᠴᠠ ᠦᠯᠢᠭᠡᠷ ᠠᠪᠴᠤ ᠰᠢᠯᠭᠠᠨ ᠪᠠᠶᠢᠴᠠᠭᠠᠪᠠ᠃ ᠰᠢᠯᠭᠠᠨ ᠪᠠᠶᠢᠴᠠᠭᠠᠯᠲᠠ ᠪᠠᠷ ᠳᠡᠮᠵᠢᠨ᠂ ᠪᠣᠶ ᠪᠥᠬᠦᠶ ᠥᠯᠢᠭᠡᠷ ᠡᠳ᠋ ᠦᠯᠡᠳᠡᠭᠡᠭᠰᠡᠨ | ᠢᠳᠡᠭᠡᠨ ᠤ ᠳᠣᠲᠣᠷᠠᠬᠢ ᠨᠤᠷᠧ ᠸᠢᠷᠦ᠋ᠰ ᠪᠣᠯᠤᠨ ᠪᠠᠺᠲ᠋ᠧᠷᠢ ᠶᠢᠨ ᠰᠤᠳᠤᠯᠤᠯ ᠤᠨ ᠭᠦᠢᠴᠡᠳᠬᠡᠯ ᠲᠤᠭ᠎ᠠ ᠨᠢ ᠴᠥᠮ ᠪᠢᠯᠢᠭ ᠴᠢᠨᠠᠷᠲᠠᠶ ᠪᠠᠶᠢᠵᠤ᠂ ᠪᠥᠭᠡᠯᠵᠢᠰᠦ᠂ | ᠪᠠᠭᠠᠰᠤ ᠰᠢᠭᠡᠰᠦ ᠪᠣᠯᠤᠨ ᠰᠤᠷᠭᠠᠭᠤᠯᠢ ᠶᠢᠨ ᠣᠷᠴᠢᠨ ᠲᠣᠭᠤᠷᠢᠨ ᠤ ᠥᠯᠢᠭᠡᠷ ᠡᠳ᠋ ᠳᠣᠲᠣᠷ᠎ᠠ ᠠᠴᠠ Ⅱ ᠬᠡᠯᠪᠡᠷᠢ ᠶᠢᠨ ᠨᠤᠷᠧ ᠸᠢᠷᠦ᠋ᠰ ᠠᠷᠭ᠎ᠠ ᠴᠢᠨᠠᠷᠲᠠᠶ | ᠪᠠᠶᠢᠬᠤ ᠶᠢ ᠪᠠᠶᠢᠴᠠᠭᠠᠨ ᠮᠡᠳᠡᠵᠡᠶ︔ ᠡᠭᠦᠨ ᠤ ᠬᠠᠮᠲᠤ᠂ ᠬᠤᠲᠠ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ | ᠰᠤᠷᠭᠠᠭᠤᠯᠢ ᠶᠢᠨ ᠲᠤᠲᠤᠷᠭ᠎ᠠ᠂ ᠢᠳᠡᠰᠢᠨ ᠲᠣᠰᠣ᠂ ᠦᠨᠢᠶᠡᠨ ᠰᠦ᠂ ᠠᠯᠮᠤᠷᠠᠳ᠂ ᠲᠠᠬᠢᠶᠠᠨ ᠥᠨᠳᠡᠭᠡ᠂ ᠵᠢᠶᠠᠩᠶ᠋ᠢᠦ ᠵᠡᠷᠭᠡ ᠥᠯᠢᠭᠡᠷ ᠡᠳ᠋ ᠢ ᠰᠤᠭᠤᠴᠢᠨ | ᠠᠪᠤᠭᠰᠠᠨ ᠪᠥᠭᠡᠳ ᠬᠤᠲᠠ ᠶᠢᠨ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠭᠡᠷᠡᠴᠢᠯᠡᠬᠦ ᠬᠦᠷᠢᠶᠡᠯᠡᠩ ᠳᠤ ᠬᠦᠷᠭᠡᠨ ᠰᠢᠯᠭᠠᠨ ᠪᠠᠶᠢᠴᠠᠭᠠᠯᠭᠠᠵᠠᠢ᠂ ᠰᠢᠯᠭᠠᠨ | ᠪᠠᠶᠢᠴᠠᠭᠠᠭᠰᠠᠨ ᠦᠷ᠎ᠡ ᠳ᠋ᠦᠩ ᠨᠢ ᠴᠥᠮ ᠬᠢᠷᠢ ᠲᠡᠩᠴᠡᠪᠡ ᠬᠡᠵᠡᠢ᠃ | ᠣᠳᠣᠬᠠᠨ ᠳᠤ᠂ ᠯᠢᠨᠼᠠᠩ ᠬᠤᠲᠠ ᠶᠢᠨ ᠢ ᠴᠧᠩ ᠲᠤᠷᠰᠢᠯᠲᠠ ᠶᠢᠨ ᠰᠤᠷᠭᠠᠭᠤᠯᠢ ︵ᠪᠠᠭ᠎ᠠ ᠰᠤᠷᠭᠠᠭᠤᠯᠢ︶ ᠶᠢᠨ ᠣᠷᠴᠢᠨ ᠲᠣᠭᠤᠷᠢᠨ ᠢ ᠠᠷᠢᠭᠤᠳᠬᠠᠬᠤ᠂ | ᠡᠪᠡᠳᠴᠢᠨ ᠤ ᠵᠢᠱᠢᠶ᠎ᠡ ᠶᠢ ᠬᠢᠨᠠᠨ ᠬᠡᠮᠵᠢᠬᠦ᠂ ᠡᠷᠡᠭᠦᠯ ᠬᠠᠮᠠᠭᠠᠯᠠᠯ ᠤᠨ ᠬᠠᠮᠢᠶᠠᠷᠤᠯᠲᠠ᠂ ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ ᠵᠡᠷᠭᠡ ᠠᠵᠢᠯ ᠶᠠᠭ ᠡᠮᠬᠢ | ᠵᠢᠷᠤᠮ ᠲᠠᠢ ᠶᠠᠪᠤᠭᠳᠠᠵᠤ ᠪᠠᠶᠢᠨ᠎ᠠ᠃ |