ᠳᠡᠭᠡᠳᠦ ᠦᠷᠭᠡᠨ ᠵᠡᠭᠡᠯᠢ ᠭᠤᠳᠤᠮᠵᠢ ︽ᠭᠤᠷᠪᠠ ᠶᠢ ᠨᠢᠭᠡ ᠴᠤᠭᠴᠠᠵᠢᠭᠤᠯᠬᠤ︾ ᠱᠠᠳᠤᠴᠢ ᠴᠢᠨᠠᠷᠲᠠᠢ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/10
    3 ᠰᠠᠷ᠎ᠠ ᠶᠢᠨ 10 ᠤ ᠡᠳᠦᠷ᠂ ᠳᠡᠭᠡᠳᠦ ᠦᠷᠭᠡᠨ ᠵᠡᠭᠡᠯᠢ ᠭᠤᠳᠤᠮᠵᠢ᠂ ᠳᠡᠭᠡᠳᠦ ᠦᠷᠭᠡᠨ ᠤ ᠲᠠᠷᠢᠶᠠᠯᠠᠩ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ︽ᠭᠤᠷᠪᠠ ᠶᠢ ᠨᠢᠭᠡ ᠴᠤᠭᠴᠠᠵᠢᠭᠤᠯᠬᠤ︾ ᠱᠠᠳᠤᠴᠢ ᠴᠢᠨᠠᠷᠲᠠᠢ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠪᠠ ᠃    ᠲᠤᠰ ᠤᠳᠠᠭᠠᠨ ᠤ ᠬᠤᠷᠠᠯ ᠨᠢ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠳᠤ ᠦᠢᠯᠡᠴᠢᠯᠡᠬᠦ ᠪᠠᠷ ᠭᠤᠣᠯ ᠡᠭᠦᠷᠭᠡ ᠪᠤᠯᠭᠠᠵᠤ᠂ ︽ᠭᠤᠷᠪᠠ ᠶᠢ ᠨᠢᠭᠡ ᠴᠤᠭᠴᠠᠵᠢᠭᠤᠯᠬᠤ︾ ᠠᠵᠢᠯ ᠤᠨ ᠠᠬᠢᠴᠠ ᠶᠢ ᠪᠦᠬᠦ ᠲᠠᠯ᠎ᠠ ᠪᠠᠷ ᠲᠦᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠳᠡᠯᠭᠡᠬᠦ ᠬᠦᠴᠦᠨ ᠤᠯᠭᠤᠪᠠ᠃
      上库力1.jpg
   ᠬᠤᠷᠠᠯ ᠳᠡᠭᠡᠷ᠎ᠡ᠂ ᠵᠢᠶᠠᠩ ᠬᠤᠩ ᠭᠠᠩ ᠡᠷᠬᠢᠯᠡᠭᠴᠢ ᠡᠨᠡ ᠤᠳᠠᠭᠠᠨ ᠤ ᠭᠠᠳᠠᠭᠰᠢ ᠭᠠᠷᠴᠤ ᠰᠢᠨᠵᠢᠯᠡᠨ ᠪᠠᠶᠢᠴᠠᠭᠠᠭᠠᠳ ᠣᠯᠤᠭᠰᠠᠨ ᠲᠡᠷᠢᠭᠦᠨ ᠤ ᠲᠤᠷᠰᠢᠯᠭ᠎ᠠ ᠶᠢ ᠲᠠᠨᠢᠯᠴᠠᠭᠤᠯᠤᠭᠰᠠᠨ ᠪᠥᠭᠡᠳ ᠳᠡᠭᠡᠳᠦ ᠦᠷᠭᠡᠨ ᠤ ᠲᠠᠷᠢᠶᠠᠯᠠᠩ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ  ᠶᠢᠨ ︽ᠭᠤᠷᠪᠠ ᠶᠢ ᠨᠢᠭᠡ ᠴᠤᠭᠴᠠᠵᠢᠭᠤᠯᠬᠤ︾ ᠠᠵᠢᠯ ᠤᠨ ᠬᠦᠷᠦᠯᠴᠡᠬᠦ ᠥᠬᠡᠶ ᠲᠠᠯ᠎ᠠ ᠲᠠᠢ ᠤᠶᠠᠯᠳᠤᠭᠤᠯᠤᠨ ᠂ ᠪᠥᠬᠦ ᠲᠠᠯ᠎ᠠ ᠪᠠᠷ ᠬᠤᠷᠢᠶᠠᠩᠭᠤᠶᠢᠯᠠᠪᠠ᠃   ᠲᠠᠷᠠᠭᠠᠴᠢ ᠶᠢᠨ ᠠᠯᠬᠤᠮ ᠳᠤ᠂ ᠳᠡᠭᠡᠳᠦ ᠦᠷᠭᠡᠨ ᠤ ᠲᠠᠷᠢᠶᠠᠯᠠᠩ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠰᠢᠨ᠎ᠡ ᠶᠢ ᠡᠭᠦᠳᠬᠦ ᠬᠥᠭᠵᠢᠯᠲᠡ ᠶᠢᠨ ᠠᠷᠭ᠎ᠠ ᠵᠠᠮ ᠢ ᠦᠷᠭᠦᠯᠵᠢᠯᠡᠨ ᠬᠠᠶᠢᠨ ᠰᠦᠪᠡᠭᠴᠢᠯᠡᠵᠦ᠂ ᠠᠵᠢᠯ ᠤᠨ ᠬᠠᠷᠠᠯᠲᠠ ᠪᠠᠨ ᠲᠣᠳᠣᠷᠬᠠᠶᠢᠯᠠᠨ᠂ ᠦᠢᠯᠡᠴᠢᠯᠡᠭᠡᠨ ᠤ ᠣᠶᠢᠯᠠᠭᠠᠭᠳᠠᠬᠤᠨ ᠢᠶᠠᠨ ᠭᠦᠨᠵᠡᠭᠡᠶᠢᠷᠡᠭᠦᠯᠦᠨ᠎ᠡ ᠃ ᠮᠠᠨ ᠤ ᠺᠣᠮᠫᠠᠨᠢ ᠨᠡᠩ ᠬᠦᠴᠦᠲᠡᠢ ᠠᠷᠭ᠎ᠠ ᠬᠡᠮᠵᠢᠶ᠎ᠡ ᠠᠪᠴᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠠᠬᠢᠭᠤᠯᠬᠤ ᠳᠤ ᠨᠡᠩ ᠶᠡᠭᠡ ᠵᠢᠳᠬᠦᠯ ᠴᠢᠷᠮᠠᠶᠢᠯᠭ᠎ᠠ ᠭᠠᠷᠭᠠᠨ᠎ᠠ ᠭᠡᠵᠡᠢ᠃
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ