ᠨᠠᠮ ᠤᠨ ᠪᠠᠶᠢᠭᠤᠯᠤᠯᠲᠠ ᠶᠢ ᠪᠠᠷᠢᠮᠳᠠᠯᠠᠵᠤ᠂ ᠦᠨᠳᠦᠰᠦᠨ ᠱᠠᠲᠤᠨ ᠤ ᠵᠠᠰᠠᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠲᠥᠯᠥᠭᠡ᠂ 3 ᠰᠠᠷ᠎ᠠ ᠶᠢᠨ | 10 ᠤ ᠡᠳᠦᠷ᠂ ᠭᠤᠸᠠᠩ ᠠᠨ ᠨᠡᠶᠢᠭᠡᠮ ᠲᠣᠭᠤᠷᠢᠭ ᠪᠢᠴᠢᠯ ᠲᠤᠤᠷᠴᠢᠯᠠᠭᠰᠠᠨ ᠬᠠᠮᠢᠶᠠᠷᠤᠯᠲᠠ ᠶᠢᠨ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ᠃ | | | | ᠬᠤᠷᠠᠯ ᠳᠡᠭᠡᠷ᠎ᠡ᠂ ᠡᠩ ᠲᠡᠷᠢᠭᠦᠨ ᠳᠤ ᠨᠡᠶᠢᠭᠡᠮ ᠲᠣᠭᠤᠷᠢᠭ ᠤᠨ ᠱᠦᠵᠢ ᠨᠡᠶᠢᠭᠡᠮ ᠲᠣᠭᠤᠷᠢᠭ ᠤᠨ ᠪᠢᠴᠢᠯ ᠲᠤᠤᠷᠴᠢᠯᠠᠭᠰᠠᠨ ᠬᠠᠮᠢᠶᠠᠷᠤᠯᠲᠠ ᠶᠢᠨ ᠠᠵᠢᠯ ᠤᠨ | ᠴᠢᠬᠤᠯᠠ ᠴᠢᠨᠠᠷ᠂ ᠠᠵᠢᠯ ᠤᠨ ᠠᠭᠤᠯᠭ᠎ᠠ ᠶᠢ ᠲᠠᠨᠢᠯᠴᠠᠭᠤᠯᠪᠠ᠃ ᠮᠠᠨ ᠤ ᠨᠡᠶᠢᠭᠡᠮ ᠲᠣᠭᠤᠷᠢᠭ ᠤᠨ ᠺᠠᠳ᠋ᠷ ᠠᠵᠢᠯᠲᠠᠨ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢ | ᠬᠠᠮᠵᠢᠯᠴᠠᠵᠤ᠂ ᠨᠠᠮ ᠤᠨ ᠱᠤᠭᠤᠮ᠂ ᠴᠢᠭᠯᠡᠯᠲᠡ ᠪᠠ ᠲᠥᠷᠥ ᠶᠢᠨ ᠪᠣᠳᠣᠯᠭ᠎ᠠ ᠶᠢ ᠢᠳᠡᠪᠬᠢᠲᠡᠶ ᠤᠬᠠᠭᠤᠯᠤᠨ ᠂ ᠨᠡᠶᠢᠭᠡᠮ ᠲᠣᠭᠤᠷᠢᠭ ᠲᠤ ᠣᠯᠠᠨ ᠲᠦᠮᠡᠨ ᠤ ᠰᠠᠨᠠᠯ | ᠪᠠ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤ ᠨᠢ ᠲᠤᠰᠬᠠᠵᠤ᠂ ᠣᠯᠠᠨ ᠲᠦᠮᠡᠨ ᠤ ᠬᠦᠴᠢᠷᠳᠡᠯ ᠢ ᠬᠠᠮᠤᠭ ᠤᠨ ᠲᠡᠷᠢᠭᠦᠨ ᠳᠤ ᠰᠢᠢᠳᠪᠦᠷᠢᠯᠡᠨ᠂ ᠨᠡᠶᠢᠭᠡᠮ | ᠲᠣᠭᠤᠷᠢᠭ ᠤᠨ ᠵᠠᠰᠠᠯᠲᠠ ᠳᠤ ᠢᠳᠡᠪᠬᠢᠲᠡᠶ ᠣᠷᠣᠯᠴᠠᠬᠤ ᠶᠢ ᠬᠦᠰᠡᠵᠦ ᠪᠠᠶᠢᠨ᠎ᠠ ᠭᠡᠵᠡᠢ ᠃ | ᠲᠤᠰ ᠤᠳᠠᠭᠠᠨ ᠤ ᠶᠠᠷᠢᠯᠴᠠᠬᠤ ᠬᠤᠷᠠᠯ ᠨᠢ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠨ᠎ᠡ ᠴᠢᠭᠯᠡᠯ ᠢ ᠲᠤᠳᠤᠷᠬᠠᠶᠢᠯᠠᠪᠠ᠃ ᠵᠠᠯᠭᠠᠭᠠᠳ ᠭᠤᠸᠠᠩ ᠠᠨ ᠨᠡᠶᠢᠭᠡᠮ | ᠲᠣᠭᠤᠷᠢᠭ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠦᠷᠭᠦᠯᠵᠢᠯᠡᠨ ᠪᠠᠷᠢᠮᠲᠠᠯᠠᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠴᠢᠳᠠᠪᠤᠷᠢ ᠪᠣᠯᠤᠨ | ᠵᠠᠰᠠᠯᠲᠠ ᠶᠢᠨ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠦᠨ᠂ ᠡᠶ᠎ᠡ ᠵᠣᠬᠢᠴᠠᠩᠭᠤᠢ ᠲᠣᠭᠲᠠᠭᠤᠨ᠂ ᠠᠮᠢᠵᠢᠷᠠᠯ ᠤᠨ ᠬᠦᠴᠦᠨ ᠲᠠᠢ ᠨᠡᠶᠢᠭᠡᠮ ᠲᠣᠭᠤᠷᠢᠭ ᠢ | ᠪᠦᠲᠦᠭᠡᠨ ᠪᠠᠶᠢᠭᠤᠯᠬᠤ ᠳᠤ ᠬᠦᠴᠦᠨ ᠨᠡᠮᠡᠷᠢᠯᠡᠨ᠎ᠡ᠃ ᠰᠠᠭᠤᠭᠠᠯᠢ ᠠᠷᠠᠳ ᠤᠨ ᠬᠦᠷᠲᠡᠮᠵᠢ ᠶᠢᠨ ᠳᠦᠷᠦᠭᠳᠡᠯ᠂ ᠵᠢᠷᠭᠠᠯᠲᠤ ᠳᠦᠷᠦᠭᠳᠡᠯ ᠪᠣᠯᠤᠨ ᠠᠮᠤᠷ ᠲᠦᠪᠰᠢᠨ ᠤ | ᠳᠦᠷᠦᠭᠳᠡᠯ ᠢ ᠨᠡᠮᠡᠭᠳᠡᠭᠦᠯᠵᠦ᠂ ᠯᠠᠪᠳᠠᠭᠤᠨ ᠪᠠᠲᠤᠲᠠᠢ ᠠᠵᠢᠯ ᠤᠨ ᠦᠷ᠎ᠡ ᠪᠦᠲᠦᠮᠵᠢ ᠪᠠᠷ ᠦᠨᠳᠦᠰᠦᠨ ᠱᠠᠲᠤᠨ ᠤ ᠵᠠᠰᠠᠯᠲᠠ ᠶᠢᠨ ᠴᠤ᠋ ᠰᠢᠨ᠎ᠡ ᠬᠠᠭᠤᠳᠠᠰᠤ ᠶᠢ | ᠪᠢᠴᠢᠭᠯᠡᠨ᠎ᠡ᠃ |