ᠾᠧᠢ ᠱᠠᠨ ᠳᠧᠦ ᠪᠠᠯᠭᠠᠰᠤᠨ ᠤ ᠨᠠᠮ ᠤᠨ ᠬᠤᠷᠢᠶ᠎ᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢ ᠬᠢᠨᠠᠨ ᠰᠢᠯᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/3/11
    ᠡᠷᠭᠦᠨ᠎ᠡ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢ ᠬᠢᠨᠠᠨ ᠰᠢᠯᠭᠠᠬᠤ ᠠᠵᠢᠯ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ᠂ ᠠᠵᠢᠯ ᠤᠨ ᠦᠷ᠎ᠡ ᠪᠦᠲᠦᠮᠵᠢ ᠶᠢ ᠤᠨᠢᠨ ᠳᠡᠭᠡᠷ᠎ᠡ ᠨᠢ ᠦᠨᠡᠯᠡᠬᠦ ᠶᠢᠨ ᠲᠥᠯᠥᠭᠡ᠂ 3 ᠰᠠᠷ᠎ᠠ ᠶᠢᠨ 12 ᠤᠨ ᠡᠳᠦᠷ ᠂ ᠾᠧᠢ ᠱᠠᠨ ᠳᠧᠦ ᠪᠠᠯᠭᠠᠰᠤᠨ ᠤ ᠨᠠᠮ ᠤᠨ ᠬᠤᠷᠢᠶ᠎ᠠ ᠯᠢᠶᠠᠩ ᠳ᠋ᠦᠩ ᠲᠣᠰᠬᠤᠨ᠂ ᠯᠢᠶᠠᠩ ᠰᠢ ᠲᠣᠰᠬᠤᠨ ᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠳᠤ ᠣᠨ ᠤ ᠬᠢᠨᠠᠨ ᠰᠢᠯᠭᠠᠯᠲᠠ ᠬᠢᠵᠦ᠂ ᠲᠤᠬᠠᠢ ᠶᠢᠨ ᠭᠠᠵᠠᠷ ᠲᠤ  ᠨᠢ ᠰᠤᠷᠪᠤᠯᠵᠢᠯᠠᠨ ᠪᠠᠶᠢᠴᠠᠭᠠᠬᠤ᠂ ᠲᠤᠰᠬᠠᠶᠢᠯᠠᠨ ᠶᠠᠷᠢᠯᠴᠠᠬᠤ᠂ ᠰᠠᠨᠠᠯ ᠬᠤᠷᠢᠶᠠᠬᠤ ᠬᠦᠰᠦᠨᠦᠭ ᠲᠠᠷᠬᠠᠭᠠᠬᠤ ᠵᠡᠷᠭᠡ ᠬᠡᠯᠪᠡᠷᠢ ᠪᠠᠷ ᠨᠢᠭᠡᠳᠦᠭᠡᠷ ᠱᠦᠵᠢ ᠶᠢᠨ ᠲᠣᠰᠬᠤᠨ ᠳᠤ ᠰᠠᠭᠤᠭ᠎ᠠ ᠦᠷ᠎ᠡ ᠪᠦᠲᠦᠭᠡᠯ ᠢ ᠪᠦᠬᠦ ᠲᠠᠯ᠎ᠠ ᠪᠠᠷ᠂ ᠪᠤᠰᠤᠳᠴᠢ᠂ ᠲᠥᠪ ᠭᠤᠣᠯᠴᠢ ᠪᠠᠷ ᠰᠢᠯᠭᠠᠨ ᠪᠠᠶᠢᠴᠠᠭᠠᠵᠠᠢ᠃
     黑山头1.jpg
     ᠬᠢᠨᠠᠨ ᠰᠢᠯᠭᠠᠬᠤ ᠳᠤᠭᠤᠶᠢᠯᠠᠩ ᠤᠷᠢᠳ ᠬᠤᠵᠢᠳ ᠯᠢᠶᠠᠩ ᠳ᠋ᠦᠩ ᠲᠣᠰᠬᠤᠨ ᠪᠠ ᠯᠢᠶᠠᠩ ᠰᠢ ᠲᠣᠰᠬᠤᠨ ᠳᠤ ᠬᠦᠷᠴᠦ ᠂ ᠲᠤᠬᠠᠢ ᠶᠢᠨ ᠭᠠᠵᠠᠷ ᠲᠤ  ᠨᠢ  ᠰᠤᠷᠪᠤᠯᠵᠢᠯᠠᠨ ᠪᠠᠶᠢᠴᠠᠭᠠᠵᠤ᠂ ᠲᠣᠰᠬᠤᠨ ᠳᠤ ᠰᠠᠭᠤᠭ᠎ᠠ ᠬᠤᠶᠠᠷ ᠲᠣᠰᠬᠤᠨ ᠤ ᠨᠢᠭᠡᠳᠦᠭᠡᠷ ᠱᠦᠵᠢ ᠶᠢᠨ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠠᠷᠠᠳ ᠢ ᠪᠠᠶᠠᠵᠢᠭᠤᠯᠤᠨ ᠣᠷᠣᠯᠭ᠎ᠠ ᠶᠢ ᠨᠢ ᠨᠡᠮᠡᠭᠳᠡᠭᠦᠯᠬᠦ ᠂ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠶᠠᠳᠠᠭᠤ ᠶᠢ ᠲᠡᠳᠬᠦᠵᠦ ᠬᠦᠴᠢᠷᠳᠡᠯᠲᠡᠢ ᠠᠷᠠᠳ ᠢ ᠬᠠᠪᠰᠤᠷᠬᠤ ᠵᠡᠷᠭᠡ ᠠᠵᠢᠯ ᠤᠨ ᠮᠡᠳᠡᠭᠦᠯᠦᠯᠲᠡ ᠶᠢ ᠰᠣᠨᠣᠰᠴᠠᠢ᠃ ᠡᠭᠦᠨ ᠤ ᠬᠠᠮᠲᠤ᠂ ᠰᠠᠨᠠᠯ ᠬᠤᠷᠢᠶᠠᠬᠤ ᠬᠦᠰᠦᠨᠦᠭ ᠲᠠᠷᠬᠠᠭᠠᠵᠤ᠂ ᠠᠵᠢᠯ ᠤᠨ ᠰᠤᠷᠲᠠᠯ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ᠂ ᠬᠠᠪᠰᠤᠷᠤᠨ ᠲᠡᠳᠬᠦᠭᠰᠡᠨ ᠦᠷ᠎ᠡ ᠪᠦᠲᠦᠮᠵᠢ ᠵᠡᠷᠭᠡ ᠣᠯᠠᠨ ᠲᠠᠯ᠎ᠠ ᠶᠢ ᠦᠨᠡᠯᠡᠵᠦ᠂ ᠬᠢᠨᠠᠨ ᠰᠢᠯᠭᠠᠭᠰᠠᠨ ᠦᠷ᠎ᠡ ᠳ᠋ᠦᠩ ᠤᠨ ᠦᠨᠡᠨ ᠪᠣᠳᠠᠲᠠᠶ ᠪᠥᠭᠡᠳ ᠨᠠᠶᠢᠳᠠᠪᠤᠷᠢᠲᠠᠶ ᠪᠠᠶᠢᠬᠤ ᠶᠢ ᠦᠨᠡᠨ ᠬᠦ ᠪᠠᠲᠤᠯᠠᠪᠠ᠃
    黑山头2.jpg
     ᠳᠠᠷᠠᠭ᠎ᠠ ᠳᠤ  ᠨᠢ ᠂ ᠬᠢᠨᠠᠨ ᠰᠢᠯᠭᠠᠬᠤ ᠳᠤᠭᠤᠶᠢᠯᠠᠩ ᠲᠤᠰᠬᠠᠢ ᠶᠠᠷᠢᠯᠴᠠᠭ᠎ᠠ ᠬᠢᠵᠦ᠂ ᠲᠣᠰᠬᠤᠨ ᠤ ᠬᠤᠶᠠᠷ ᠵᠥᠪᠯᠡᠯ ᠤᠨ ᠺᠠᠳ᠋ᠷ᠂ ᠨᠠᠮ ᠤᠨ ᠭᠡᠰᠢᠭᠦᠨ ᠤ ᠲᠥᠯᠥᠭᠡᠯᠡᠭᠴᠢ᠂ ᠲᠣᠰᠬᠤᠨ ᠤ ᠠᠷᠠᠳ ᠤᠨ ᠲᠥᠯᠥᠭᠡᠯᠡᠭᠴᠢ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠠᠢ᠃ ᠤᠯᠠᠨ ᠢᠶᠠᠷ ᠢᠶᠠᠨ ᠬᠤᠶᠠᠷ ᠨᠢᠭᠡᠳᠦᠭᠡᠷ ᠱᠦᠵᠢ ᠶᠢᠨ ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠲᠡᠭᠦᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠬᠢᠭᠤᠯᠬᠤ᠂ ᠠᠷᠠᠳ ᠤᠨ ᠲᠥᠯᠥᠭᠡ ᠪᠣᠳᠠᠲᠠᠢ ᠠᠵᠢᠯ ᠬᠢᠬᠦ ᠵᠡᠷᠭᠡ ᠲᠠᠯ᠎ᠠ ᠪᠠᠷ ᠭᠠᠷᠭᠠᠭᠰᠠᠨ ᠴᠢᠷᠮᠠᠶᠢᠯᠭ᠎ᠠ ᠶᠢ ᠨᠤᠲᠠᠯᠠᠪᠠ᠃    ᠲᠣᠰ ᠤᠳᠠᠭᠠᠨ ᠤ ᠬᠢᠨᠠᠨ ᠰᠢᠯᠭᠠᠬᠤ ᠠᠵᠢᠯ ᠳᠤ ᠲᠣᠰᠬᠤᠨ ᠳᠤ ᠰᠠᠭᠤᠭ᠎ᠠ ᠬᠤᠶᠠᠷ ᠨᠢᠭᠡᠳᠦᠭᠡᠷ ᠱᠦᠵᠢ ᠶᠢᠨ ᠠᠵᠢᠯ ᠤᠨ ᠠᠮᠵᠢᠯᠲᠠ ᠪᠦᠲᠦᠮᠵᠢ ᠪᠠ ᠬᠦᠷᠦᠯᠴᠡᠬᠦ ᠥᠬᠡᠶ ᠲᠠᠯ᠎ᠠ ᠶᠢ ᠪᠥᠬᠦ ᠲᠠᠯ᠎ᠠ ᠪᠠᠷ ᠳ᠋ᠦᠩᠨᠡᠵᠦ᠂ ᠲᠠᠷᠠᠭᠠᠴᠢ ᠶᠢᠨ ᠠᠯᠬᠤᠮ ᠳᠤ ᠨᠠᠷᠢᠯᠢᠭ ᠣᠨᠣᠴᠠᠲᠠᠶ ᠪᠠᠷ ᠵᠢᠯᠣᠭᠤᠳᠬᠤ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠤᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠬᠦ ᠳᠤ ᠬᠦᠴᠦᠲᠡᠶ ᠦᠨᠳᠦᠰᠦᠯᠡᠯ ᠬᠠᠩᠭᠠᠭᠰᠠᠨ ᠪᠠᠶᠢᠨ᠎ᠠ᠃ ᠮᠠᠨ ᠤ ᠪᠠᠯᠭᠠᠰᠤᠨ ᠤ ᠨᠠᠮ ᠤᠨ  ᠬᠤᠷᠢᠶ᠎ᠠ ᠬᠢᠨᠠᠨ ᠰᠢᠯᠭᠠᠭᠰᠠᠨ ᠦᠷ᠎ᠡ ᠳ᠋ᠦᠩ ᠢ ᠦᠨᠳᠦᠰᠦᠯᠡᠨ᠂ ᠰᠢᠯᠢᠳᠡᠭ ᠢᠯᠡᠷᠡᠯ ᠲᠠᠢ ᠨᠢᠭᠡᠳᠦᠭᠡᠷ ᠱᠦᠵᠢ ᠶᠢ ᠬᠥᠬᠢᠭᠦᠯᠦᠨ ᠰᠠᠶᠢᠰᠢᠶᠠᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠴᠤ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠳᠤ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠤᠯᠬᠤ ᠶᠢ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠤᠨ᠎ᠠ ᠭᠡᠵᠡᠢ᠃ 
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ