ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠵᠤ᠂ ᠺᠠᠳ᠋ᠷ ᠤᠨ ᠡᠩᠨᠡᠭᠡᠨ ᠤ ᠰᠤᠷᠲᠠᠯ ᠤᠨ ᠪᠠᠶᠢᠭᠤᠯᠤᠯᠲᠠ ᠶᠢ | ᠴᠢᠨᠠᠭᠰᠢᠳᠠ ᠴᠢᠩᠭᠠᠳᠬᠠᠨ ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 12 ᠤᠨ ᠡᠳᠦᠷ᠂ ᠡᠩᠬᠡ ᠶᠢᠨ ᠲᠠᠷᠢᠶᠠᠯᠠᠩ ᠮᠠᠯ | ᠠᠵᠤ ᠠᠬᠤᠢ ᠶᠢᠨ ᠬᠢᠵᠠᠭᠠᠷᠲᠤ ᠺᠣᠮᠫᠠᠨᠢ ᠺᠠᠳ᠋ᠷ ᠠᠵᠢᠯᠲᠠᠳ ᠢ ᠵᠣᠬᠢᠶᠠᠨ ᠪᠠᠶᠢᠭᠤᠯᠤᠨ ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠦᠵᠡᠪᠡ᠃ | | | | ᠰᠡᠷᠡᠮᠵᠢᠯᠡᠭᠦᠯᠬᠦ ᠬᠥᠮᠦᠵᠢᠯ ᠤᠨ ᠹᠢᠯᠢᠮ ᠳᠤ᠂ ᠮᠠᠰᠢ ᠣᠯᠠᠨ ᠦᠨᠡᠨ ᠪᠣᠳᠠᠲᠠᠶ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠂ ᠤᠯᠠᠨ ᠵᠦᠢᠯ ᠤᠨ ᠨᠠᠵᠠᠭᠠᠢ ᠢᠯᠡᠷᠡᠯ ᠢ | ᠭᠦᠨᠵᠡᠭᠡᠶ ᠵᠠᠳᠠᠯᠤᠨ ᠰᠢᠨᠵᠢᠯᠡᠭᠰᠡᠨ ᠪᠠᠶᠢᠨ᠎ᠠ ᠃ ᠵᠢᠱᠢᠶᠡᠯᠡᠪᠡᠯ᠂ ᠠᠵᠢᠯ ᠢᠶᠠᠨ ᠲᠦᠯᠬᠢᠯᠴᠡᠬᠦ᠂ ᠨᠠᠵᠠᠭᠠᠶᠢᠷᠠᠨ ᠬᠤᠶᠢᠷᠭᠤᠰᠢᠬᠤ᠂ ᠬᠠᠰᠢ ᠶᠠᠰᠢ ᠪᠠᠷ ᠠᠯᠪᠠ ᠬᠠᠰᠢᠬᠤ | ᠵᠡᠷᠭᠡ ᠦᠢᠯᠡ ᠠᠵᠢᠯᠯᠠᠭ᠎ᠠ ᠨᠢ ᠠᠵᠢᠯ ᠪᠠ ᠨᠡᠶᠢᠭᠡᠮ ᠳᠤ ᠬᠦᠨᠳᠦ ᠨᠣᠴᠢᠲᠠᠶ ᠨᠠᠵᠠᠭᠠᠶ ᠨᠥᠯᠥᠭᠡ ᠦᠵᠡᠭᠦᠯᠵᠦ᠂ ᠪᠥᠬᠦ ᠺᠠᠳ᠋ᠷ ᠠᠵᠢᠯᠲᠠᠨ ᠠᠵᠢᠯᠴᠢᠨ ᠭᠦᠨᠵᠡᠭᠡᠶ | ᠪᠤᠳᠤᠯᠭᠠᠰᠢᠷᠠᠯ ᠪᠤᠯᠪᠠ᠃ | ᠲᠣᠰ ᠤᠳᠠᠭᠠᠨ ᠤ ᠰᠤᠷᠤᠯᠴᠠᠯᠭ᠎ᠠ ᠪᠠᠷ ᠳᠠᠮᠵᠢᠭᠤᠯᠤᠨ᠂ ᠺᠠᠳ᠋ᠷ ᠠᠵᠢᠯᠲᠠᠨ ᠠᠵᠢᠯᠴᠢᠨ ᠤ ᠦᠵᠡᠯ ᠰᠠᠨᠠᠭ᠎ᠠ ᠲᠠᠨᠢᠯᠲᠠ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠂ ᠨᠠᠮᠴᠢ ᠴᠢᠨᠠᠷ ᠤᠨ ᠪᠣᠯᠪᠠᠰᠤᠷᠠᠯ ᠪᠠ ᠰᠤᠷᠲᠠᠯ ᠤᠨ ᠪᠠᠶᠢᠭᠤᠯᠤᠯᠲᠠ ᠶᠢ ᠴᠢᠩᠭᠠᠷᠠᠭᠤᠯᠤᠭᠰᠠᠨ ᠤ ᠬᠠᠮᠲᠤ᠂ ᠥᠷᠭᠡᠨ ᠣᠯᠠᠨ ᠺᠠᠳ᠋ᠷ ᠠᠵᠢᠯᠲᠠᠨ | ᠠᠵᠢᠯᠴᠢᠨ ᠤ ᠢᠳᠡᠪᠬᠢᠵᠢᠯ ᠢ ᠬᠥᠭᠵᠢᠭᠡᠵᠦ᠂ ᠲᠠᠷᠠᠭᠠᠴᠢ ᠶᠢᠨ ᠠᠵᠢᠯ ᠢ ᠥᠨᠳᠥᠷ ᠪᠦᠲᠦᠮᠵᠢᠲᠡᠶ ᠪᠠᠷ ᠥᠷᠨᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ | ᠪᠠᠶᠢᠨ᠎ᠠ᠃ |