3 ᠰᠠᠷ᠎ᠠ ᠶᠢᠨ 12 ᠤᠨ ᠡᠳᠦᠷ ᠂ ᠮᠣᠩᠭᠤᠯ ᠰᠢᠭᠤᠢ ᠰᠤᠮᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ | ᠪᠠ ᠪᠡᠯᠴᠢᠭᠡᠷᠯᠡᠭᠦᠯᠬᠦ ᠶᠢ ᠵᠣᠭᠰᠣᠭᠠᠵᠤ᠂ ᠦᠨᠵᠢᠭᠦᠯᠵᠦ ᠮᠠᠯᠯᠠᠬᠤ ᠠᠵᠢᠯ ᠤᠨ ᠬᠤᠯᠪᠤᠭᠠᠲᠤ ᠬᠤᠷᠠᠯ ᠬᠤᠷᠠᠯᠳᠤᠭᠤᠯᠵᠤ ᠂ ᠳᠡᠭᠡᠳᠦ ᠱᠠᠲᠤᠨ ᠤ ᠠᠮᠢ ᠠᠬᠤᠢ ᠶᠢᠨ | ᠬᠠᠮᠠᠭᠠᠯᠠᠯᠲᠠ ᠶᠢᠨ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠪᠠ᠃ ᠰᠢᠪᠡᠭᠡ ᠶᠢᠨ ᠲᠠᠷᠢᠶᠠᠯᠠᠩ ᠮᠠᠯ ᠠᠵᠤ | ᠠᠬᠤᠶ ᠶᠢᠨ ᠬᠢᠵᠠᠭᠠᠷᠲᠤ ᠺᠣᠮᠫᠠᠨᠢ᠂ ᠰᠢᠪᠡᠭᠡ ᠶᠢᠨ ᠬᠢᠯᠢ ᠶᠢᠨ ᠲᠣᠮᠢᠯᠠᠭᠰᠠᠨ ᠰᠠᠯᠪᠤᠷᠢ᠂ ᠬᠢᠩᠭᠠᠨ ᠣᠶ ᠰᠢᠭᠤᠶ ᠶᠢᠨ ᠲᠠᠯᠠᠪᠠᠶ ᠵᠡᠷᠭᠡ ᠪᠠᠶᠢᠭᠤᠯᠭ᠎ᠠ ᠨᠢᠭᠡᠴᠡ ᠶᠢᠨ | ᠭᠤᠤᠯ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃ | | | ᠲᠤᠰ ᠬᠤᠷᠠᠯ ᠢ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ ᠳᠠᠷᠤᠭ᠎ᠠ ᠵᠠᠩ ᠬᠤᠩ ᠹᠦ᠋ ᠡᠷᠭᠢᠯᠡᠵᠦ᠂ ᠰᠤᠮᠤᠨ ᠤ ᠨᠠᠮ ᠤᠨ ᠬᠤᠷᠢᠶᠠᠨ ᠤ | ᠱᠦᠵᠢ ᠳᠠᠪᠬᠤᠷ᠎ᠠ ᠬᠤᠷᠠᠯ ᠳᠤ ᠤᠷᠤᠯᠴᠠᠭᠰᠠᠨ ᠮᠦᠷᠲᠡᠭᠡᠨ ᠶᠠᠷᠢᠶ᠎ᠠ ᠲᠠᠯᠪᠢᠵᠠᠶ᠃ | ᠬᠤᠷᠠᠯ ᠳᠡᠭᠡᠷ᠎ᠡ ᠂ ᠳᠡᠭᠡᠳᠦ ᠱᠠᠲᠤᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠂ ᠦᠨᠵᠢᠭᠦᠯᠵᠦ ᠮᠠᠯᠯᠠᠬᠤ | ᠠᠵᠢᠯ ᠤᠨ ᠲᠤᠬᠠᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠵᠢᠴᠢ ᠪᠣᠳᠠᠲᠠᠢ ᠱᠠᠭᠠᠷᠳᠠᠯᠭ᠎ᠠ ᠶᠢ ᠳᠠᠮᠵᠢᠭᠤᠯᠤᠨ ᠰᠤᠷᠤᠯᠴᠠᠬᠤ ᠶᠢᠨ ᠬᠠᠮᠲᠤ ᠰᠤᠮᠤᠨ ᠤ ᠠᠮᠢ | ᠠᠬᠤᠢ ᠶᠢᠨ ᠬᠠᠮᠠᠭᠠᠯᠠᠯᠲᠠ ᠶᠢᠨ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ | ᠵᠠᠩ ᠬᠤᠩ ᠹᠦ᠋ ᠴᠢᠬᠤᠯᠠᠴᠢᠯᠠᠭᠰᠠᠨ ᠨᠢ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠦᠨᠵᠢᠭᠦᠯᠵᠦ ᠮᠠᠯᠯᠠᠬᠤ ᠪᠣᠯ | ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠡᠭᠦᠷᠭᠡ ᠮᠥᠨ ᠃ ᠨᠢᠭᠡ ᠳᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠎ᠠ ᠃ | ᠬᠤᠶᠠᠷ ᠲᠤ᠂ ᠬᠤᠯᠪᠣᠭᠠᠯᠠᠨ ᠬᠢᠨᠠᠨ ᠬᠠᠮᠢᠶᠠᠷᠬᠤ ᠶᠢ ᠴᠢᠩᠭᠠᠳᠬᠠᠨ᠎ᠠ ᠃ ᠭᠤᠷᠪᠠ ᠳᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ ᠃ | ᠳᠠᠪᠬᠤᠷ᠎ᠠ ᠳ᠋ᠦᠩᠨᠡᠯᠲᠡ ᠶᠢᠨ ᠶᠠᠷᠢᠶᠠᠨ ᠳᠤ ᠪᠠᠨ ᠴᠢᠩᠭᠠᠳᠬᠠᠭᠰᠠᠨ ᠨᠢ ᠂ ᠪᠦᠬᠦ ᠺᠠᠳ᠋ᠷ ᠠᠵᠢᠯᠲᠠᠳ ᠡᠷᠬᠡᠪᠰᠢ ᠤᠯᠤᠰ ᠲᠦᠷᠦ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠪᠠᠴᠢᠮ ᠲᠤᠯᠭᠠᠮ᠎ᠠ ᠰᠡᠳᠬᠢᠯᠭᠡ ᠪᠠᠷ ᠠᠵᠢᠯ ᠢᠶᠠᠨ ᠦᠷᠨᠢᠭᠦᠯᠦᠨ ᠂ ᠠᠵᠠ | ᠵᠠᠪᠰᠢᠶᠠᠨ ᠢ ᠡᠷᠢᠬᠦ ᠪᠤᠳᠤᠯ ᠪᠣᠯᠤᠨ ᠰᠤᠯᠠ ᠵᠠᠳᠠᠭᠠᠢ ᠪᠠᠶᠢᠬᠤ ᠤᠪᠤᠷ ᠢ ᠡᠷᠡᠰ ᠬᠤᠷᠢᠭᠯᠠᠬᠤ ᠬᠡᠷᠡᠭᠲᠡᠢ᠃ ᠨᠢᠭᠡ ᠳᠤ᠂ ᠤᠯᠠᠨ ᠲᠦᠮᠡᠨ ᠤ ᠠᠵᠢᠯ ᠤᠨ ᠠᠷᠭ᠎ᠠ ᠶᠢ | ᠴᠢᠬᠤᠯᠠᠴᠢᠯᠠᠨ᠎ᠠ ᠃ ᠬᠤᠶᠠᠷ ᠲᠤ᠂ ᠲᠤᠰ ᠤᠳᠠᠭᠠᠨ ᠤ ᠠᠵᠢᠯ ᠢᠶᠠᠷ ᠠᠵᠠ ᠲᠣᠬᠢᠶᠠᠯ ᠪᠣᠯᠭᠠᠵᠤ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ᠂ | ᠬᠡᠭᠡᠷ᠎ᠡ ᠶᠢᠨ ᠡᠮ ᠤᠨ ᠮᠠᠲ᠋ᠧᠷᠢᠶᠠᠯ ᠢ ᠬᠤᠯᠠᠭᠠᠶᠢᠯᠠᠨ ᠮᠠᠯᠲᠠᠬᠤ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ ᠃ | ᠭᠤᠷᠪᠠ ᠳᠤ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ᠎ᠠ ᠃ | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠳ ᠦᠪᠡᠷ ᠤᠨ ᠣᠪᠣᠷ ᠢᠶᠠᠨ ᠢᠯᠡᠳᠭᠡᠪᠡ ᠃ | ᠲᠣᠰ ᠤᠳᠠᠭᠠᠨ ᠤ ᠬᠤᠷᠠᠯ ᠨᠢ ᠤᠯᠠᠨ ᠤ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠨᠢᠭᠡᠳᠬᠡᠵᠦ᠂ ᠬᠠᠷᠢᠭᠤᠴᠠᠯᠭ᠎ᠠ ᠶᠢ ᠲᠣᠳᠣᠷᠬᠠᠶ ᠪᠣᠯᠭᠠᠨ᠂ ᠮᠣᠩᠭᠤᠯ | ᠰᠢᠭᠤᠢ ᠰᠤᠮᠤᠨ ᠤ ᠠᠮᠢ ᠠᠬᠤᠶ ᠶᠢᠨ ᠬᠠᠮᠠᠭᠠᠯᠠᠯᠲᠠ ᠪᠤᠯᠤᠨ ᠦᠷᠭᠦᠯᠵᠢᠯᠡᠬᠦᠶᠢᠴᠡ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃ |