3 ᠰᠠᠷ᠎ᠠ ᠶᠢᠨ 10 ᠤ ᠡᠳᠦᠷ᠂ ᠠᠨᠾᠦ᠋ᠢ ᠮᠤᠵᠢ ᠶᠢᠨ ᠲᠤᠭ᠎ᠠ ᠪᠦᠷᠢᠳᠬᠡᠯ ᠤᠨ ᠲᠣᠪᠴᠢᠶ᠎ᠠ 2024 ᠣᠨ ᠤ ᠠᠨᠾᠦ᠋ᠢ ᠮᠤᠵᠢ ᠶᠢᠨ ᠬᠥᠮᠥᠨ ᠠᠮᠠ ᠶᠢᠨ | ᠬᠤᠪᠢᠷᠠᠯᠲᠠ ᠶᠢᠨ ᠪᠠᠶᠢᠳᠠᠯ ᠢ ᠥᠯᠢᠭᠡᠷ ᠠᠪᠴᠤ ᠪᠠᠶᠢᠴᠠᠭᠠᠭᠰᠠᠨ ᠭᠤᠣᠯ ᠲᠤᠭ᠎ᠠ ᠪᠠᠷᠢᠮᠲᠠ ᠶᠢᠨ ᠠᠯᠪᠠᠨ ᠮᠡᠳᠡᠭᠡ ᠨᠡᠶᠢᠲᠡᠯᠡᠪᠡ᠃ | ᠠᠯᠪᠠᠨ ᠮᠡᠳᠡᠭᠡ ᠳᠤ ᠢᠯᠡᠷᠡᠭᠦᠯᠦᠭᠰᠡᠨ ᠢᠶᠠᠷ᠂ 2024 ᠣᠨ ᠤ ᠡᠴᠦᠰ ᠲᠤ᠂ ᠠᠨᠾᠦ᠋ᠢ ᠮᠤᠵᠢ ᠶᠢᠨ ᠪᠠᠶᠢᠩᠭᠤ ᠰᠠᠭᠤᠭ᠎ᠠ ᠬᠥᠮᠥᠨ ᠠᠮᠠ 6123 ᠲᠦᠮᠡ᠂ | ᠲᠦᠷᠦᠭᠦᠸ ᠵᠢᠯ ᠤᠨ ᠬᠢ ᠠᠴᠠ 2 ᠲᠦᠮᠡ ᠨᠡᠮᠡᠭᠳᠡᠨ᠂ 0.03% ᠪᠠᠷ ᠨᠡᠮᠡᠭᠳᠡᠵᠡᠢ᠃ ᠠᠯᠪᠠᠨ ᠮᠡᠳᠡᠭᠡ ᠳᠤ 16 ᠬᠤᠲᠠ ᠶᠢᠨ ᠪᠠᠶᠢᠩᠭᠤ ᠰᠠᠭᠤᠭ᠎ᠠ ᠬᠥᠮᠥᠨ ᠠᠮᠠ | ᠶᠢ ᠨᠡᠶᠢᠲᠡᠯᠡᠵᠡᠢ᠂ ᠡᠭᠦᠨ ᠤ ᠳᠣᠲᠣᠷ᠎ᠠ ᠾᠧᠹᠧᠢ ᠬᠤᠲᠠ ᠶᠢᠨ ᠪᠠᠶᠢᠩᠭᠤ ᠰᠠᠭᠤᠭ᠎ᠠ ᠬᠥᠮᠥᠨ ᠠᠮᠠ 1000.2 ᠲᠦᠮᠡ ᠳᠤ ᠬᠦᠷᠴᠦ᠂ ᠬᠤᠲᠠ ᠪᠠᠯᠭᠠᠰᠤᠵᠢᠯᠲᠠ | ᠶᠢᠨ ᠨᠣᠷᠮ᠎ᠠ 86.38% ᠳᠤ ᠬᠦᠷᠴᠡᠢ᠃ | ᠳᠡᠭᠡᠷᠡᠬᠢ ᠮᠡᠳᠡᠭᠡ ᠠᠴᠠ ᠦᠵᠡᠪᠡᠯ᠂ ᠠᠨᠾᠦ᠋ᠢ ᠮᠤᠵᠢ ᠶᠢᠨ ᠲᠥᠪ ᠾᠧᠹᠧᠢ ᠬᠤᠲᠠ ᠶᠢᠨ ᠪᠠᠶᠢᠩᠭᠤ ᠰᠠᠭᠤᠭ᠎ᠠ ᠬᠥᠮᠥᠨ ᠠᠮᠠ ᠮᠢᠩᠭᠠᠨ ᠲᠦᠮᠡᠨ ᠬᠥᠮᠥᠨ ᠤ | ᠪᠣᠭᠤᠮᠲᠠ ᠶᠢ ᠳᠠᠪᠠᠵᠠᠢ᠃ |