ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠡᠮ ᠬᠤᠳᠠᠯᠳᠤᠨ ᠠᠪᠬᠤ ᠶᠢ ᠪᠡᠶᠡᠴᠢᠯᠡᠨ ᠣᠶᠢᠯᠠᠭᠠᠬᠤ ᠶᠢ ᠳᠡᠭᠡᠭᠰᠢᠯᠡᠭᠦᠯᠬᠦ ᠶᠢᠨ ᠲᠥᠯᠥᠭᠡ᠂ ᠡᠨᠡ ᠵᠢᠯ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠡᠮ ᠡᠮᠨᠡᠯᠭᠡ ᠶᠢᠨ ᠳᠠᠭᠠᠳᠬᠠᠯ ᠤᠨ ᠰᠦᠯᠵᠢᠶᠡᠨ ᠳᠡᠭᠡᠷᠡᠬᠢ | ᠪᠠ ᠰᠦᠯᠵᠢᠶᠡᠨ ᠭᠠᠳᠠᠨᠠᠬᠢ ᠶᠢ ᠨᠢᠭᠡ ᠴᠤᠭᠴᠠᠵᠢᠭᠤᠯᠤᠨ ᠡᠮ ᠬᠤᠳᠠᠯᠳᠤᠨ ᠠᠪᠬᠤ ᠤᠶᠢᠯᠡᠴᠢᠯᠡᠭᠡ ᠶᠢ ᠰᠢᠨᠡᠴᠢᠯᠡᠵᠦ᠂ ᠲᠣᠭᠠᠴᠢᠯᠠᠭᠰᠠᠨ ᠥᠭᠡᠷᠡᠴᠢᠯᠡᠯᠲᠡ ᠪᠠᠷ | ᠳᠠᠮᠵᠢᠭᠤᠯᠤᠨ ᠡᠮ ᠡᠮᠨᠡᠯᠭᠡ ᠶᠢᠨ ᠳᠠᠭᠠᠳᠬᠠᠯ ᠤᠨ ᠤᠶᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ ᠵᠠᠢ︾ ᠶᠢ ᠨᠡᠪᠲᠡᠷᠡᠭᠦᠯᠵᠦ᠂ ᠳᠠᠭᠠᠳᠬᠠᠯ ᠳᠤ | ᠣᠷᠣᠯᠴᠠᠭᠰᠠᠨ ᠣᠯᠠᠨ ᠲᠦᠮᠡᠨ ᠤ ︽ᠰᠦᠯᠵᠢᠶᠡᠨ ᠳᠡᠭᠡᠷ᠎ᠡ ᠦᠨ᠎ᠡ ᠠᠳᠠᠯᠢᠳᠬᠠᠬᠤ — ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠡᠮ ᠬᠤᠳᠠᠯᠳᠤᠨ ᠠᠪᠬᠤ | — ᠡᠮ ᠡᠮᠨᠡᠯᠭᠡ ᠶᠢᠨ ᠳᠠᠭᠠᠳᠬᠠᠯ ᠢᠶᠠᠷ ᠲᠡᠰᠦᠯᠦᠨ ᠪᠤᠳᠤᠬᠤ — ᠴᠠᠭ ᠲᠤᠬᠠᠶ ᠳᠤᠨᠢ ᠲᠣᠬᠢᠷᠠᠭᠤᠯᠤᠨ ᠬᠦᠷᠭᠡᠬᠦ︾ ᠪᠥᠬᠦ ᠶᠠᠪᠤᠴᠠ ᠪᠦᠬᠦᠢ ᠣᠶᠤᠨᠴᠢ ᠪᠠᠷ ᠡᠮ | ᠬᠤᠳᠠᠯᠳᠤᠨ ᠠᠪᠬᠤ ᠶᠢ ᠪᠡᠶᠡᠴᠢᠯᠡᠨ ᠣᠶᠢᠯᠠᠭᠠᠬᠤ ᠶᠠᠪᠤᠳᠠᠯ ᠢ ᠪᠡᠶᠡᠯᠡᠭᠦᠯᠵᠦ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠡᠮ | ᠡᠮᠨᠡᠯᠭᠡ ᠶᠢᠨ ᠳᠠᠭᠠᠳᠬᠠᠯ ᠤᠨ ᠤᠶᠢᠯᠡᠴᠢᠯᠡᠭᠡᠨ ᠤ ᠰᠢᠨ᠎ᠡ ᠵᠠᠭᠪᠤᠷ ᠢ ᠪᠠᠶᠢᠭᠤᠯᠪᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠡᠮ ᠡᠮᠨᠡᠯᠭᠡ ᠶᠢᠨ ᠤᠶᠢᠯᠡᠴᠢᠯᠡᠭᠡᠨ ᠤ | ᠬᠠᠮᠢᠶᠠᠷᠤᠯᠲᠠ ᠶᠢᠨ ᠭᠠᠵᠠᠷ ᠤᠨ ᠳᠡᠳ᠋ ᠳᠠᠷᠤᠭ᠎ᠠ ᠯᠢᠶᠠᠩ ᠶᠦᠩ ᠬᠡᠯᠡᠬᠦ ᠳᠡᠭᠡᠨ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠵᠢᠩ ᠳ᠋ᠦᠩ ᠵᠡᠷᠭᠡ ᠡᠯᠧᠺᠲᠷᠣᠨ | ᠬᠤᠳᠠᠯᠳᠤᠭᠠᠨ ᠤ ᠲᠠᠪᠴᠠᠩ ᠳᠤ ᠭᠠᠷᠴᠤ᠂ ᠡᠮ ᠡᠮᠨᠡᠯᠭᠡ ᠶᠢᠨ ᠳᠠᠭᠠᠳᠬᠠᠯ ᠤᠨ ᠡᠮ ᠬᠤᠳᠠᠯᠳᠤᠨ ᠠᠪᠬᠤ ᠲᠤᠰᠬᠠᠶ ᠲᠣᠭᠤᠷᠢᠭ ᠲᠤ ᠣᠷᠣᠵᠤ᠂ ᠬᠤᠳᠠᠯᠳᠤᠨ | ᠠᠪᠬᠤ ᠭᠡᠵᠦ ᠪᠠᠶᠢᠭ᠎ᠠ ᠡᠮ ᠲᠠᠩ ᠤᠨ ᠨᠡᠷᠡᠶᠢᠳᠦᠯ ᠢᠶᠠᠨ ᠣᠷᠣᠭᠤᠯᠪᠠᠯ ᠲᠠᠪᠴᠠᠩ ᠨᠢ ᠲᠣᠰ ᠡᠮ ᠢ ᠵᠠᠯᠭᠠᠨ ᠣᠷᠣᠭᠤᠯᠤᠭᠰᠠᠨ ᠡᠯ᠎ᠡ ᠲᠣᠭᠲᠠᠭᠰᠠᠨ ᠴᠡᠭ ᠤᠨ | ᠡᠮ ᠤᠨ ᠳᠡᠯᠭᠡᠭᠦᠷ ᠤᠨ ᠡᠮ ᠲᠠᠩ ᠬᠤᠳᠠᠯᠳᠤᠬᠤ ᠦᠨ᠎ᠡ ᠶᠢ ᠳᠡᠯᠭᠡᠨ ᠦᠵᠡᠭᠦᠯᠵᠦ᠂ ᠠᠳᠠᠯᠢ ᠬᠤᠲᠠ ᠶᠢᠨ ᠠᠳᠠᠯᠢ ᠡᠮ ᠤᠨ ᠦᠨ᠎ᠡ ᠬᠠᠩᠰᠢ ᠶᠢ ᠬᠥᠨᠳᠡᠯᠡᠨ ᠢᠶᠠᠷ | ᠬᠠᠷᠢᠴᠠᠭᠤᠯᠬᠤ ᠶᠢ ᠲᠡᠮᠵᠢᠳᠡᠭ᠃ ᠳᠠᠷᠠᠭ᠎ᠠ ᠨᠢ ᠡᠮ ᠬᠤᠳᠠᠯᠳᠤᠨ ᠠᠪᠤᠭᠴᠢ ᠬᠥᠬᠡ ᠥᠩᠭᠡ ᠶᠢᠨ ︽ᠡᠮ ᠡᠮᠨᠡᠯᠭᠡ ᠶᠢᠨ ᠳᠠᠭᠠᠳᠬᠠᠯ︾ ᠤᠨ ᠢᠯᠡᠳᠬᠡᠮᠵᠢ | ᠲᠡᠮᠳᠡᠭ ᠲᠠᠢ ᠵᠣᠷ ᠤᠨ ᠪᠤᠰᠤ ᠡᠮ ᠲᠠᠩ ᠢ ᠰᠣᠩᠭᠤᠭᠠᠳ ᠵᠠᠬᠢᠶᠠᠯᠠᠭ᠎ᠠ ᠶᠢᠨ ᠬᠠᠭᠤᠳᠠᠰᠤ ᠪᠠᠨ ᠲᠤᠰᠢᠶᠠᠭᠰᠠᠨ ᠤ ᠳᠠᠷᠠᠭ᠎ᠠ ︽ᠡᠮ ᠡᠮᠨᠡᠯᠭᠡ ᠶᠢᠨ ᠳᠠᠭᠠᠳᠬᠠᠯ ᠤᠨ | ᠰᠢᠯᠵᠢᠮᠡᠯ ᠲᠣᠭᠠᠴᠠᠭ᠎ᠠ︾ ᠶᠢᠨ ᠴᠢᠳᠠᠮᠵᠢ ᠶᠢ ᠬᠡᠷᠡᠭᠯᠡᠪᠡᠯ᠂ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠰᠦᠯᠵᠢᠶᠡᠨ ᠳᠡᠭᠡᠷ᠎ᠡ ᠡᠮ | ᠬᠤᠳᠠᠯᠳᠤᠨ ᠠᠪᠬᠤ ᠪᠥᠬᠦ ᠶᠠᠪᠤᠴᠠ ᠶᠢᠨ ᠤᠶᠢᠯᠡᠴᠢᠯᠡᠭᠡ ᠶᠢ ᠪᠡᠶᠡᠯᠡᠬᠦᠯᠵᠦ᠂ ᠠᠪᠤᠬᠰᠠᠨ ᠡᠮ ᠢ ᠴᠢᠨᠢ ᠰᠢᠭᠤᠳ ᠬᠡᠷ ᠲᠤᠨᠢ ᠬᠦᠷᠭᠡᠵᠦ᠂ ︽ᠬᠤᠷᠤᠭᠤᠨ ᠦᠵᠦᠭᠦᠷ | ᠢᠶᠠᠷ ᠢᠶᠠᠨ ᠡᠮ ᠬᠤᠳᠠᠯᠳᠤᠨ ᠠᠪᠬᠤ᠂ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ᠂ ᠡᠮ ᠬᠦᠷᠭᠡᠬᠦ ᠶᠢ ᠬᠦᠯᠢᠶᠡᠨ ᠰᠠᠭᠤᠬᠤ︾ ᠳᠥᠭᠦᠮ ᠳᠥᠲᠡ | ᠤᠶᠢᠯᠡᠴᠢᠯᠡᠭᠡ ᠶᠢ ᠦᠨᠡᠨ ᠬᠦ ᠪᠡᠶᠡᠯᠡᠭᠦᠯᠬᠦ ᠪᠣᠯᠤᠨ᠎ᠠ ᠬᠡᠪᠡ᠃ | ᠣᠳᠣᠬᠠᠨ ᠳᠤ᠂ ᠬᠥᠬᠡᠬᠤᠲᠠ᠂ ᠪᠤᠭᠤᠲᠤ᠂ ᠬᠢᠩᠭᠠᠨ ᠠᠶᠢᠮᠠᠭ ᠤᠨ 380 ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠰᠦᠯᠵᠢᠶᠡᠨ ᠳᠡᠭᠡᠷᠡᠬᠢ | ᠡᠮ ᠡᠮᠨᠡᠯᠭᠡ ᠶᠢᠨ ᠳᠠᠭᠠᠳᠬᠠᠯ ᠤᠨ ᠡᠮ ᠬᠤᠳᠠᠯᠳᠤᠨ ᠠᠪᠬᠤ ᠤᠶᠢᠯᠡᠴᠢᠯᠡᠭᠡ ᠶᠢ ᠨᠡᠪᠲᠡᠷᠡᠭᠦᠯᠪᠡ᠂ ᠡᠨᠡ ᠬᠦ ᠤᠶᠢᠯᠡᠴᠢᠯᠡᠭᠡ ᠨᠢ ᠵᠢᠩ ᠳ᠋ᠦᠩ ᠵᠡᠷᠭᠡ ᠣᠯᠠᠨ | ᠡᠯᠧᠺᠲᠷᠣᠨ ᠬᠤᠳᠠᠯᠳᠤᠭᠠᠨ ᠤ ᠲᠠᠪᠴᠠᠩ ᠢ ᠬᠠᠮᠤᠷᠴᠤ᠂ ᠪᠤᠰᠤᠳ ᠠᠶᠢᠮᠠᠭ ᠬᠤᠲᠠ ᠵᠢᠴᠢ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠢᠨ ᠢ | ᠴᠤ ᠵᠠᠯᠭᠠᠭ᠎ᠠ ᠪᠠᠷ ᠨᠡᠭᠡᠭᠡᠯᠲᠡ ᠬᠢᠵᠦ ᠵᠠᠯᠭᠠᠨ ᠣᠷᠣᠭᠤᠯᠬᠤ ᠪᠤᠯᠤᠨ᠎ᠠ᠃ |