ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠰᠠᠶᠢᠳ᠄ ᠪᠥᠲᠥᠭᠡᠨ ᠪᠠᠶᠢᠭᠤᠯᠤᠯᠲᠠ ᠬᠢᠬᠦ ᠳᠤ ︽ᠰᠠᠶᠢᠨ ᠬᠡᠷ | ᠪᠠᠶᠢᠰᠢᠩ︾ ᠢ ᠶᠡᠭᠡ ᠪᠠᠷ ᠳᠡᠯᠭᠡᠷᠡᠭᠦᠯᠦᠨ᠎ᠡ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠰᠠᠶᠢᠳ ᠨᠢ ᠬᠤᠩ 3 ᠰᠠᠷ᠎ᠠ ᠶᠢᠨ 9 ᠤ ᠡᠳᠦᠷ ᠠᠷᠪᠠᠨ | ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠠᠷᠠᠳ ᠤᠨ ᠠᠮᠢᠳᠤᠷᠠᠯ ᠤᠨ | ᠭᠤᠤᠯ ᠰᠡᠳᠦᠪᠲᠦ ᠰᠣᠷᠪᠣᠯᠵᠢᠯᠠᠭᠴᠢᠳ ᠤᠨ ᠬᠤᠷᠠᠯ ᠳᠡᠭᠡᠷ᠎ᠡ ᠬᠡᠯᠡᠬᠦ ᠳᠡᠭᠡᠨ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠠᠷᠠᠳ ᠣᠯᠠᠨ ᠤ ᠴᠢᠨᠠᠷ | ᠰᠠᠶᠢᠲᠠᠶ ᠣᠷᠣᠰᠢᠨ ᠰᠠᠭᠤᠬᠤ ᠬᠡᠷᠡᠭᠴᠡᠭᠡ ᠳᠤ ᠵᠣᠬᠢᠴᠠᠭᠤᠯᠤᠨ᠂ ᠪᠠᠷᠢᠮᠵᠢᠶ᠎ᠠ ᠵᠢᠷᠤᠮᠵᠢᠯ ᠢ ᠲᠡᠭᠦᠯᠳᠡᠷᠵᠢᠭᠦᠯᠵᠦ᠂ ᠠᠮᠤᠷ ᠲᠦᠪᠰᠢᠨ᠂ ᠲᠠᠭᠠᠯᠠᠮᠵᠢᠲᠠᠶ᠂ ᠪᠣᠬᠢᠷᠲᠤᠯ | ᠥᠬᠡᠶ᠂ ᠣᠶᠤᠨᠴᠢ ︽ᠰᠠᠶᠢᠨ ᠬᠡᠷ ᠪᠠᠶᠢᠰᠢᠩ︾ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ 3 ᠲᠠᠯ᠎ᠠ ᠪᠠᠷ ᠭᠤᠤᠯᠳᠠᠯᠭ᠎ᠠ ᠲᠠᠢ ᠰᠠᠶᠢᠲᠤᠷ ᠠᠳᠬᠤᠵᠤ ᠨᠠᠶᠢᠳᠠᠪᠤᠷᠢᠵᠢᠭᠤᠯᠤᠨ᠎ᠠ᠃ | ᠨᠢᠭᠡᠳᠦᠭᠡᠷ ᠲᠤ᠂ ᠪᠠᠷᠢᠮᠵᠢᠶ᠎ᠠ ᠲᠣᠭᠲᠠᠭᠠᠨ᠎ᠠ᠃ ᠣᠶᠢᠷ᠎ᠠ ᠳᠤ᠂ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ︽ᠰᠠᠶᠢᠨ | ᠬᠡᠷ ᠪᠠᠶᠢᠰᠢᠩ︾ ᠤᠨ ᠪᠥᠲᠥᠭᠡᠨ ᠪᠠᠶᠢᠭᠤᠯᠤᠯᠲᠠ ᠶᠢᠨ ᠵᠦᠭᠯᠡᠭᠦᠷ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ ᠪᠠᠶᠢᠬᠤ ᠪᠦᠭᠡᠳ ᠪᠠᠰᠠ ᠣᠷᠣᠨ | ᠰᠠᠭᠤᠴᠠ ᠶᠢᠨ ᠲᠥᠷᠥᠯ ᠵᠤᠶᠢᠯ ᠤᠨ ᠵᠢᠷᠤᠮᠵᠢᠯ ᠳᠤ ᠵᠠᠰᠠᠪᠤᠷᠢ ᠣᠷᠣᠭᠤᠯᠵᠤ ᠪᠠᠶᠢᠨ᠎ᠠ᠂ ᠡᠭᠦᠨ ᠤ ᠲᠤᠳᠤᠷᠠᠬᠢ ᠨᠢᠭᠡ ᠵᠤᠶᠢᠯ ᠪᠤᠯ ᠣᠷᠣᠨ ᠰᠠᠭᠤᠴᠠ ᠶᠢᠨ | ᠳᠠᠪᠬᠤᠷᠭ᠎ᠠ ᠶᠢᠨ ᠥᠨᠳᠥᠷ ᠢ 3 ᠮᠧᠲᠷ ᠪᠣᠯᠲᠠᠯ᠎ᠠ ᠳᠡᠭᠡᠭᠰᠢᠯᠡᠭᠦᠯᠤᠨ᠎ᠠ᠃ | ᠬᠤᠶᠠᠳᠤᠭᠠᠷ ᠲᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠴᠢᠩᠭᠠᠳᠬᠠᠨ᠎ᠠ᠃ ᠨᠢᠭᠡ ᠲᠠᠯ᠎ᠠ ᠪᠠᠷ᠂ ᠠᠷᠠᠳ ᠲᠤ ᠠᠰᠢᠭ ᠬᠦᠷᠲᠡᠭᠡᠬᠦ ᠪᠣᠳᠠᠲᠤ | ᠬᠡᠷᠡᠭᠯᠡᠭᠡᠨ ᠤ ᠰᠢᠨ᠎ᠡ ᠮᠡᠷᠭᠡᠵᠢᠯ᠂ ᠰᠢᠨ᠎ᠡ ᠮᠠᠲ᠋ᠧᠷᠢᠶᠠᠯ᠂ ᠰᠢᠨ᠎ᠡ ᠤᠷ᠎ᠠ ᠮᠡᠷᠭᠡᠰᠢᠯ᠂ ᠰᠢᠨ᠎ᠡ ᠦᠢᠯᠡᠳᠬᠦᠨ ᠢ ᠶᠡᠭᠡ ᠪᠠᠷ ᠳᠡᠯᠭᠡᠷᠡᠭᠦᠯᠵᠦ᠂ ᠲᠠᠭᠤᠨ ᠬᠠᠯᠬᠠᠯᠠᠬᠤ ᠪᠠᠷ | ᠠᠨᠠᠢ᠂ ᠤᠰᠤ ᠨᠡᠪᠴᠢᠬᠦ ᠭᠤᠭᠤᠵᠢᠬᠤ᠂ ᠬᠡᠷᠡᠮ ᠨᠢ ᠬᠠᠭᠠᠷᠠᠬᠤ᠂ ᠮᠠᠭᠤᠬᠠᠢ ᠦᠨᠦᠷ ᠭᠠᠷᠬᠤ ᠵᠡᠷᠭᠡ ᠤᠯᠠᠨ ᠤ ᠠᠩᠬᠠᠷᠴᠤ ᠪᠠᠶᠢᠭ᠎ᠠ ᠠᠰᠠᠭᠤᠳᠠᠯ ᠢ ᠬᠦᠴᠦᠯᠡᠨ | ᠰᠢᠢᠳᠪᠦᠷᠢᠯᠡᠨ᠎ᠡ᠃ ᠨᠥᠭᠦᠭᠡ ᠲᠠᠯ᠎ᠠ ᠪᠠᠷ᠂ ᠪᠥᠬᠦ ᠬᠡᠷ ᠲᠤ ᠬᠢᠮᠡᠯ ᠣᠶᠤᠨ ᠬᠡᠷᠡᠭᠯᠡᠬᠦ ᠶᠢ ᠢᠳᠡᠪᠬᠢᠲᠡᠶ ᠠᠬᠢᠭᠤᠯᠤᠨ᠎ᠠ᠃ | ᠭᠤᠷᠪᠠᠳᠤᠭᠠᠷ ᠲᠤ᠂ ᠲᠦᠷᠦᠯ ᠵᠤᠶᠢᠯ ᠢ ᠠᠳᠬᠤᠨ᠎ᠠ᠃ ᠬᠤᠳᠠ ᠪᠣᠯᠤᠨ ᠠᠵᠤ ᠠᠬᠤᠶᠢᠯᠠᠯ ᠤᠨ ︽ᠰᠠᠶᠢᠨ ᠭᠡᠷ ᠪᠠᠶᠢᠰᠢᠩ︾ ᠤᠨ ᠪᠦᠳᠦᠭᠡᠨ ᠪᠠᠶᠢᠭᠤᠯᠤᠯᠳᠠ | ᠶᠢ ᠠᠬᠢᠭᠤᠯᠵᠤ᠂ ︽ᠰᠠᠶᠢᠨ ᠭᠡᠷ ᠪᠠᠶᠢᠰᠢᠩ︾ ᠢ ᠶᠡᠭᠡ ᠪᠠᠷ ᠳᠡᠯᠭᠡᠷᠡᠭᠦᠯᠦᠨ᠎ᠡ ᠬᠡᠪᠡ᠃ |