ᠡᠷᠭᠦᠨ᠎ᠡ ᠬᠤᠳᠠ 2025 ᠣᠨ ᠤ ᠳᠡᠭᠡᠷ᠎ᠡ ᠬᠠᠭᠠᠰ ᠵᠢᠯ ᠤᠨ ᠰᠢᠨ᠎ᠡ ᠴᠡᠷᠢᠭ ᠢ ᠦᠳᠡᠨ ᠮᠣᠷᠳᠠᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2025/3/20
     3 ᠰᠠᠷ᠎ᠠ ᠶᠢᠨ 16 ᠤ ᠡᠳᠦᠷ᠂ ᠡᠷᠭᠦᠨ᠎ᠡ ᠬᠤᠳᠠ 2025 ᠣᠨ ᠤ ᠳᠡᠭᠡᠷ᠎ᠡ ᠬᠠᠭᠠᠰ ᠵᠢᠯ ᠤᠨ ᠰᠢᠨ᠎ᠡ ᠴᠡᠷᠢᠭ ᠢ ᠦᠳᠡᠨ ᠮᠣᠷᠳᠠᠭᠤᠯᠬᠤ ᠬᠤᠷᠠᠯ ᠬᠢᠵᠦ᠂ ᠤᠳᠠᠯ ᠦᠭᠡᠢ ᠴᠡᠷᠢᠭ ᠤᠨ ᠠᠮᠢᠳᠤᠷᠠᠯ ᠤᠨ ᠵᠠᠮ ᠢᠶᠠᠷ ᠵᠠᠮᠨᠠᠬᠤ ᠭᠡᠵᠦ ᠪᠠᠶᠢᠭ᠎ᠠ ᠰᠢᠯᠢᠳᠡᠭ ᠵᠠᠯᠠᠭᠤᠴᠤᠳ ᠢ ᠦᠳᠡᠨ ᠮᠣᠷᠳᠠᠭᠤᠯᠪᠠ᠃
            入伍1.jpg
     ᠦᠳᠡᠯᠲᠡ ᠶᠢᠨ ᠬᠤᠷᠠᠯ ᠳᠡᠭᠡᠷ᠎ᠡ᠂ ᠰᠢᠨ᠎ᠡ ᠴᠡᠷᠢᠭ ᠨᠠᠷ ᠴᠡᠷᠢᠭ ᠤᠨ ᠬᠤᠪᠴᠠᠰᠤ ᠡᠮᠦᠰᠴᠦ᠂ ᠲᠡᠳᠡᠨ ᠤ ᠡᠩᠭᠡᠷ ᠳᠡᠭᠡᠷᠡᠬᠢ ᠤᠯᠠᠭᠠᠨ ᠴᠡᠴᠡᠭ ᠨᠢ ᠣᠨᠴᠠᠭᠠᠢ  ᠬᠠᠷᠠᠭᠳᠠᠨ᠎ᠠ᠃ ᠲᠡᠳᠡᠨ ᠤ ᠬᠠᠷᠠᠴᠠ ᠡᠷᠡᠰ ᠴᠢᠩᠭ᠎ᠠ ᠪᠠᠶᠢᠵᠤ᠂ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠴᠡᠷᠢᠭ ᠲᠤ ᠣᠷᠣᠵᠤ ᠡᠬᠡ ᠤᠯᠤᠰ ᠤᠨ ᠢᠶᠠᠨ ᠲᠥᠯᠥᠭᠡ ᠵᠢᠳᠬᠦᠬᠦ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢ ᠢᠯᠡᠷᠡᠭᠦᠯᠪᠡ᠃ ᠰᠢᠨ᠎ᠡ ᠴᠡᠷᠢᠭ ᠤᠨ ᠲᠥᠯᠥᠭᠡᠯᠡᠭᠴᠢ ᠲᠥᠪ ᠴᠢᠩᠭ᠎ᠠ ᠠᠮᠠᠯᠠᠯᠲᠠ ᠬᠢᠵᠦ᠂ ᠡᠬᠡ ᠤᠯᠤᠰ ᠲᠠᠭᠠᠨ ᠬᠦᠴᠦ ᠪᠠᠨ ᠡᠷᠭᠦᠬᠦ ᠵᠣᠷᠢᠭ ᠢᠶᠠᠨ ᠢᠯᠡᠳᠬᠡᠪᠡ᠃
           入伍2.jpg
     ︽ᠡᠷᠡᠯᠬᠡᠭ ᠪᠦᠷᠭᠦᠳ ᠥᠷᠭᠡᠨ ᠠᠭᠤᠳᠠᠮ ᠣᠭᠲᠠᠷᠭᠤᠢ ᠶᠢ ᠰᠣᠩᠭᠤᠪᠠ᠂ ᠪᠢᠳᠡ ᠬᠠᠷᠢᠨ ᠨᠣᠭᠤᠭᠠᠨ ᠦᠩᠭᠡ ᠲᠠᠢ ᠴᠡᠷᠢᠭ ᠤᠨ ᠬᠤᠸᠠᠷᠠᠨ ᠢ ᠰᠣᠩᠭᠤᠵᠠᠢ᠃ ᠠᠪᠤ ᠡᠵᠢ ᠶᠢᠨ ᠢᠶᠠᠨ ᠰᠠᠨᠠᠭᠤᠯᠭ᠎ᠠ᠂ ᠲᠦᠷᠦᠯ ᠰᠠᠳᠤᠨ ᠤ ᠪᠠᠨ ᠨᠠᠶᠢᠳᠠᠯᠭ᠎ᠠ ᠶᠢ ᠠᠪᠴᠤ᠂ ᠪᠢᠳᠡ ᠨᠤᠲᠤᠭ ᠤᠰᠤ ᠠᠴᠠ ᠪᠠᠨ ᠰᠠᠯᠵᠤ᠂ ᠨᠠᠮ ᠪᠣᠯᠤᠨ ᠠᠷᠠᠳ ᠲᠦᠮᠡᠨ ᠤ ᠤᠷᠢᠶᠠᠯᠠᠭ᠎ᠠ ᠶᠢ ᠲᠠᠭᠠᠬᠤ ᠶᠢ ᠰᠣᠩᠭᠤᠭᠰᠠᠨ ᠪᠣᠯᠬᠤᠷ᠂ ᠮᠠᠨ ᠤ ᠴᠡᠷᠢᠭ ᠤᠨ ᠬᠤᠪᠴᠠᠰᠤᠨ ᠳᠤ ᠪᠠᠨ ᠬᠡᠷᠡᠯ ᠭᠢᠯᠪᠠᠭ᠎ᠠ ᠨᠡᠮᠡᠷᠢᠯᠡᠵᠦ᠂ ᠮᠠᠨ ᠤ ᠴᠡᠷᠢᠭ ᠠᠩᠬᠢ ᠳᠤ ᠪᠠᠨ ᠬᠡᠷᠡᠯ ᠭᠢᠯᠪᠠᠭ᠎ᠠ ᠪᠠᠨ ᠨᠡᠮᠡᠷᠢᠯᠡᠬᠦ ᠬᠡᠷᠡᠭᠲᠡᠢ︾ ᠭᠡᠵᠦ ᠬᠡᠯᠡᠪᠡ᠃ ᠰᠢᠨ᠎ᠡ ᠴᠡᠷᠢᠭ ᠤᠨ ᠲᠥᠯᠥᠭᠡᠯᠡᠭᠴᠢ ᠴᠧᠨ ᠹᠠᠩ ᠨᠢᠩ ᠤᠨ ᠶᠠᠷᠢᠶ᠎ᠠ ᠨᠢ ᠤᠯᠠᠨ ᠤ ᠬᠠᠯᠠᠭᠤᠨ ᠠᠯᠠᠭ᠎ᠠ ᠲᠠᠰᠢᠯᠳᠠ ᠶᠢ ᠤᠯᠪᠠ᠃
          入伍3.jpg
          入伍4.jpg
     ᠠᠶᠠᠨ ᠵᠠᠮ ᠳᠤ ᠪᠠᠨ ᠮᠣᠷᠳᠠᠬᠤ ᠠᠴᠠ ᠡᠮᠦᠨ᠎ᠡ᠂ ᠤᠯᠠᠨ ᠢᠶᠠᠷ ᠢᠶᠠᠨ ᠬᠠᠷᠢᠯᠴᠠᠨ ᠰᠠᠯᠬᠤ ᠶᠣᠰᠣ ᠭᠦᠢᠴᠡᠳᠬᠡᠵᠦ᠂ ᠡᠨᠡᠬᠦ ᠮᠠᠷᠲᠠᠭᠳᠠᠰᠢ ᠦᠭᠡᠢ ᠴᠠᠭ ᠮᠥᠴᠡ ᠶᠢ ᠰᠡᠭᠦᠳᠡᠷᠯᠡᠨ ᠲᠡᠮᠳᠡᠭᠯᠡᠪᠡ᠃
         入伍5.jpg
     ᠣᠶᠢᠯᠠᠭᠠᠭᠰᠠᠨ ᠢᠶᠠᠷ᠂ ᠳᠡᠭᠡᠷ᠎ᠡ ᠬᠠᠭᠠᠰ ᠵᠢᠯ ᠤᠨ ᠴᠡᠷᠢᠭ ᠡᠯᠰᠡᠬᠦ ᠠᠵᠢᠯ ᠡᠬᠢᠯᠡᠭᠰᠡᠨ ᠠᠴᠠ ᠨᠠᠭᠠᠰᠢ ᠡᠷᠭᠦᠨ᠎ᠡ ᠬᠤᠲᠠ ᠤᠷᠢᠳᠴᠢᠯᠠᠨ ᠲᠥᠯᠥᠪᠯᠡᠨ ᠪᠠᠶᠢᠷᠢᠯᠠᠭᠤᠯᠵᠤ᠂ ᠣᠯᠠᠨ ᠲᠠᠰ ᠳᠠᠪᠬᠤᠷᠭ᠎ᠠ ᠶᠢᠨ᠂ ᠪᠥᠬᠦ ᠲᠠᠯ᠎ᠠ ᠶᠢᠨ ᠴᠡᠷᠢᠭ ᠡᠯᠰᠡᠬᠦ ᠤᠬᠠᠭᠤᠯᠬᠤ ᠠᠵᠢᠯᠯᠠᠭ᠎ᠠ ᠦᠷᠨᠢᠭᠦᠯᠦᠨ ᠂ ᠪᠥᠬᠦ ᠬᠤᠲᠠ ᠶᠢᠨ ᠬᠡᠪᠴᠢᠶᠡᠨ ᠳᠤ ᠴᠡᠷᠢᠭ ᠲᠤ ᠣᠷᠣᠬᠤ ᠠᠭᠤᠷ ᠠᠮᠢᠰᠬᠤᠯ ᠢ ᠪᠣᠶ ᠪᠣᠯᠭᠠᠵᠤ᠂ ᠵᠣᠬᠢᠬᠤ ᠨᠠᠰᠤᠨ ᠤ ᠵᠠᠯᠠᠭᠤᠴᠤᠳ ᠤᠨ ᠴᠡᠷᠢᠭ ᠲᠤ ᠣᠷᠣᠬᠤ ᠬᠠᠯᠠᠭᠤᠨ ᠰᠡᠳᠬᠢᠯᠭᠡ ᠶᠢ ᠲᠦᠢᠯ ᠤᠨ ᠶᠡᠭᠡ ᠪᠠᠷ ᠬᠥᠭᠵᠢᠭᠡᠵᠡᠶ᠃ ᠴᠢᠩᠭ᠎ᠠ ᠨᠢᠮᠪᠠᠶ ᠪᠡᠶ᠎ᠡ ᠶᠢᠨ ᠪᠠᠶᠢᠴᠠᠭᠠᠯᠲᠠ᠂ ᠤᠯᠤᠰ ᠲᠥᠷᠥ ᠶᠢᠨ ᠬᠢᠨᠠᠨ ᠰᠢᠯᠭᠠᠯᠲᠠ᠂ ᠴᠡᠷᠢᠭ ᠤᠨ ᠠᠯᠪᠠ ᠠᠴᠠ ᠡᠮᠦᠨᠡᠬᠢ ᠰᠤᠷᠭᠠᠨ ᠬᠥᠮᠦᠵᠢᠯ ᠵᠡᠷᠭᠡ ᠪᠠᠷ ᠳᠡᠮᠵᠢᠨ᠂ ᠴᠣᠯᠭᠤᠷᠠᠨ ᠭᠠᠷᠤᠭᠰᠠᠨ ᠰᠢᠨ᠎ᠡ ᠴᠡᠷᠢᠭ ᠴᠡᠷᠢᠭ ᠤᠨ ᠬᠤᠸᠠᠷᠠᠨ ᠳᠤ ᠳᠠᠪᠲᠠᠭᠳᠠᠨ ᠪᠣᠯᠪᠠᠰᠤᠷᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠤᠳᠤᠬᠢᠴᠢᠯᠠᠭᠰᠠᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠪᠣᠯᠤᠨ᠎ᠠ᠃ 
       入伍6.jpg
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ