ᠳᠡᠭᠡᠳᠦ ᠦᠷᠭᠡᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠶᠤᠯ ᠠᠴᠠ ᠵᠠᠶᠢᠯᠠᠬᠤ ᠮᠡᠳᠡᠭᠳᠡᠯ ᠢ ᠡᠷᠦᠬᠡ ᠳᠤ ᠬᠦᠷᠭᠡᠬᠦ ᠠᠵᠢᠯ ᠢ ᠢᠳᠡᠪᠬᠢᠲᠡᠶ ᠥᠷᠨᠢᠭᠦᠯᠪᠡ
ᠨᠡᠶᠢᠲᠡᠯᠡᠭᠰᠡᠨ ᠴᠠᠭ᠄
2025/3/20
     ᠬᠠᠯᠢᠶ᠎ᠠ ᠭᠠᠷᠬᠤ ᠴᠠᠭ ᠦᠶ᠎ᠡ ᠳᠤ᠂ ᠬᠠᠯᠢᠶ᠎ᠠ ᠶᠢ ᠪᠦᠲᠦᠮᠵᠢᠲᠡᠶ ᠠᠷᠭᠠᠴᠠᠭᠠᠵᠤ᠂ ᠮᠠᠯᠴᠢᠨ ᠲᠠᠷᠢᠶᠠᠴᠢᠨ ᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ 3 ᠰᠠᠷ᠎ᠠ ᠶᠢᠨ 20 ᠤ ᠡᠳᠦᠷ᠂ ᠳᠡᠭᠡᠳᠦ ᠦᠷᠭᠡᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠺᠠᠳ᠋ᠷ ᠠᠵᠢᠯᠲᠠᠳ ᠢᠶᠠᠨ ᠵᠣᠬᠢᠶᠠᠨ ᠪᠠᠶᠢᠭᠤᠯᠵᠤ ᠂ ᠠᠶᠤᠯ ᠠᠴᠠ ᠵᠠᠶᠢᠯᠠᠬᠤ ᠮᠡᠳᠡᠭᠳᠡᠯ ᠢ ᠡᠷᠦᠬᠡ ᠳᠤ ᠬᠦᠷᠭᠡᠬᠦ ᠠᠵᠢᠯ ᠢ ᠢᠳᠡᠪᠬᠢᠲᠡᠶ ᠥᠷᠨᠢᠭᠦᠯᠪᠡ ᠃
         上库力6.jpg
      ᠺᠠᠳ᠋ᠷ ᠠᠵᠢᠯᠲᠠᠳ ᠭᠤᠤᠯᠳᠠᠯᠭ᠎ᠠ ᠲᠠᠢ ᠭᠠᠵᠠᠷ ᠣᠷᠣᠨ ᠳᠤ ᠭᠦᠨᠵᠡᠭᠡᠶᠢᠷᠡᠵᠦ᠂ ᠡᠷᠦᠬᠡ ᠳᠠᠷᠠᠭᠠᠯᠠᠨ ᠮᠡᠳᠡᠭᠳᠡᠯ ᠢ ᠮᠠᠯᠴᠢᠨ ᠲᠠᠷᠢᠶᠠᠴᠢᠨ ᠡᠷᠦᠬᠡ ᠶᠢᠨ ᠭᠠᠷ ᠲᠤ  ᠬᠦᠷᠭᠡᠪᠡ᠃ ᠡᠨᠡ ᠬᠦ ᠶᠠᠪᠤᠴᠠ ᠳᠤ᠂ ᠺᠠᠳ᠋ᠷ ᠠᠵᠢᠯᠲᠠᠳ ᠮᠠᠯᠴᠢᠨ ᠲᠠᠷᠢᠶᠠᠴᠢᠨ ᠳᠤ ᠮᠡᠳᠡᠭᠳᠡᠯ ᠤᠨ ᠠᠭᠤᠯᠭ᠎ᠠ ᠶᠢ ᠨᠠᠷᠢᠨ ᠨᠢᠮᠪᠠᠢ ᠲᠠᠶᠢᠯᠪᠤᠷᠢᠯᠠᠨ ᠥᠭᠴᠦ᠂  ᠬᠠᠯᠢᠶ᠎ᠠ ᠶᠢᠨ ᠠᠪᠴᠢᠷᠠᠵᠤ ᠮᠡᠳᠡᠬᠦ ᠬᠦᠨᠳᠦ ᠬᠡᠴᠡᠭᠦᠤ ᠪᠠᠶᠢᠳᠠᠯ ᠢ ᠲᠣᠳᠣᠷᠬᠠᠶᠢᠯᠠᠨ ᠦᠭᠴᠦ᠂ ᠡᠪᠡᠰᠦ ᠪᠣᠷᠳᠤᠭ᠎ᠠ ᠶᠢ ᠭᠠᠵᠠᠷ ᠤᠨ ᠪᠠᠶᠢᠴᠠ ᠥᠨᠳᠥᠷ᠂ ᠤᠰᠤ ᠵᠠᠯᠠᠬᠤ ᠪᠠᠷ ᠰᠠᠶᠢᠨ ᠠᠮᠤᠷ ᠲᠦᠪᠰᠢᠨ ᠲᠠᠯᠠᠪᠤᠷ ᠲᠤ ᠰᠢᠯᠵᠢᠭᠦᠯᠬᠦ ᠶᠢ ᠴᠢᠬᠤᠯᠠᠴᠢᠯᠠᠪᠠ ᠃ ᠮᠠᠯ ᠤᠨᠤᠭ᠎ᠠ ᠶᠢ ᠰᠢᠯᠵᠢᠭᠦᠯᠬᠦ ᠵᠠᠮ ᠱᠤᠭᠤᠮ ᠢ ᠤᠷᠢᠳᠴᠢᠯᠠᠨ ᠲᠥᠯᠥᠪᠵᠢᠭᠦᠯᠵᠦ᠂ ᠲᠣᠭᠲᠠᠪᠤᠷᠢᠲᠠᠶ ᠪᠥᠭᠡᠳ ᠬᠠᠯᠢᠶ᠎ᠠ ᠳᠤ ᠨᠥᠯᠥᠭᠡᠯᠡᠭᠳᠡᠬᠦ ᠥᠬᠡᠶ ᠬᠠᠰᠢᠶ᠎ᠠ ᠰᠠᠷᠠᠪᠴᠢ ᠪᠤᠶᠤ ᠲᠠᠯᠠᠪᠤᠷ ᠲᠤ ᠲᠣᠬᠢᠷᠠᠭᠤᠯᠬᠤ ᠶᠢᠨ ᠬᠠᠮᠲᠤ᠂ ᠤᠤᠭᠤᠬᠤ ᠤᠰᠤ ᠪᠠ ᠲᠦᠷ ᠴᠠᠭ ᠲᠡᠵᠢᠭᠡᠬᠦ ᠪᠡᠯᠡᠳᠬᠡᠯ ᠢ ᠰᠠᠶᠢᠲᠤᠷ ᠬᠢᠵᠦ᠂ ᠡᠷᠦᠬᠡ ᠪᠦᠷᠢ ᠶᠢᠨ ᠠᠷᠭᠠᠴᠠᠭᠠᠬᠤ ᠠᠷᠭ᠎ᠠ ᠬᠡᠮᠵᠢᠶ᠎ᠡ ᠵᠢᠴᠢ ᠴᠠᠭ ᠲᠤᠬᠠᠶ ᠳᠤ  ᠨᠢ ᠰᠢᠯᠵᠢᠭᠦᠯᠦᠭᠰᠡᠨ ᠥᠬᠡᠶ ᠠᠴᠠ ᠪᠣᠯᠵᠣ ᠭᠠᠷᠴᠤ ᠮᠡᠳᠡᠬᠦ ᠦᠷ᠎ᠡ ᠳ᠋ᠦᠩ ᠢ ᠲᠣᠳᠣᠷᠬᠠᠶ ᠣᠶᠢᠯᠠᠭᠠᠬᠤ ᠶᠢ ᠦᠨᠡᠨᠬᠦ ᠪᠠᠲᠤᠯᠠᠪᠠ᠃
        上库力7.jpg
     ᠲᠣᠰ ᠤᠳᠠᠭᠠᠨ ᠤ ᠡᠷᠦᠬᠡ ᠳᠤ ᠬᠦᠷᠴᠦ ᠮᠡᠳᠡᠭᠳᠡᠯ ᠲᠠᠷᠬᠠᠭᠠᠬᠤ ᠠᠵᠢᠯ ᠳᠤ ᠨᠡᠶᠢᠲᠡ 16 ᠬᠤᠪᠢ ᠮᠡᠳᠡᠭᠳᠡᠯ ᠢ ᠲᠠᠷᠬᠠᠭᠠᠵᠤ᠂ ᠮᠡᠳᠡᠭᠡ ᠵᠠᠩᠭᠢ ᠶᠢ ᠮᠠᠯᠴᠢᠨ ᠲᠠᠷᠢᠶᠠᠴᠢᠨ ᠡᠷᠦᠬᠡ ᠨᠢᠭᠡᠪᠦᠷᠢ ᠳᠤ ᠣᠨᠣᠪᠴᠢᠲᠠᠶ ᠬᠦᠷᠭᠡᠬᠦ ᠶᠢ ᠪᠠᠲᠤᠯᠠᠪᠠ᠃
       上库力8.jpg
     ᠳᠠᠷᠠᠭᠠᠴᠢ ᠶᠢᠨ ᠠᠯᠬᠤᠮ ᠳᠤ᠂ ᠮᠠᠨ ᠤ ᠬᠡᠷᠡᠭ ᠡᠷᠬᠢᠯᠡᠬᠦ ᠭᠠᠵᠠᠷ ᠬᠠᠯᠢᠶ᠎ᠠ ᠶᠢᠨ ᠪᠠᠶᠢᠳᠠᠯ ᠢ ᠦᠷᠭᠦᠯᠵᠢᠯᠡᠨ ᠨᠢᠭᠲᠠ ᠠᠩᠬᠠᠷᠴᠤ᠂ ᠮᠠᠯᠴᠢᠨ ᠲᠠᠷᠢᠶᠠᠴᠢᠨ  ᠶᠢ ᠢᠳᠡᠪᠬᠢᠲᠡᠶ ᠬᠠᠪᠰᠤᠷᠴᠤ᠂ ᠡᠯ᠎ᠡ ᠵᠦᠢᠯ ᠤᠨ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠮᠠᠯᠴᠢᠨ ᠲᠠᠷᠢᠶᠠᠴᠢᠨ  ᠤ ᠦᠢᠯᠡᠳᠪᠦᠷᠢᠯᠡᠯ ᠤᠨ ᠲᠣᠭᠲᠠᠭᠤᠨ ᠪᠥᠭᠡᠳ ᠡᠮᠬᠢ ᠵᠢᠷᠤᠮ  ᠢ ᠪᠠᠲᠤᠯᠠᠨ ᠂ ᠲᠡᠳᠡᠨ ᠤ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ ᠭᠡᠵᠡᠢ᠃ 
      上库力9.jpg
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ