ᠡᠷᠭᠦᠨ᠎ᠡ ᠬᠤᠲᠠ ᠶᠢᠨ ᠡᠷᠦᠢ ᠬᠤᠷᠤᠢ ᠦᠭᠡᠢ ᠪᠠᠶᠢᠭ᠎ᠠ ᠤᠳᠠᠰᠤ ᠪᠠᠭᠠᠨ᠎ᠠ ᠶᠢ ᠴᠡᠭᠴᠡᠯᠡᠨ ᠵᠠᠰᠠᠬᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ | ᠭᠠᠵᠠᠷ ᠣᠷᠣᠨ ᠤ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠤᠨ᠂ ᠳᠠᠯᠳᠠ ᠬᠡᠮ ᠰᠣᠭᠤᠭ ᠢ ᠠᠷᠢᠯᠭᠠᠬᠤ ᠶᠢᠨ | ᠲᠥᠯᠥᠭᠡ ᠂ 3 ᠰᠠᠷ᠎ᠠ ᠶᠢᠨ 20 ᠤ ᠡᠳᠦᠷ ᠤᠨ ᠦᠳᠡ ᠶᠢᠨ ᠬᠤᠶᠢᠨ᠎ᠠ᠂ ᠳᠡᠭᠡᠳᠦ ᠦᠷᠭᠡᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠡᠷᠦᠢ ᠬᠤᠷᠤᠢ ᠦᠭᠡᠢ | ᠪᠠᠶᠢᠭ᠎ᠠ ᠤᠳᠠᠰᠤ ᠪᠠᠭᠠᠨ᠎ᠠ ᠶᠢ ᠴᠡᠭᠴᠡᠯᠡᠨ ᠵᠠᠰᠠᠬᠤ ᠠᠵᠢᠯ ᠤᠨ ᠬᠤᠷᠠᠯ ᠢ ᠬᠤᠷᠠᠯᠳᠤᠭᠤᠯᠵᠤ᠂ ᠳᠡᠭᠡᠳᠦ ᠦᠷᠭᠡᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠨ ᠭᠤᠤᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ᠂ ᠭᠠᠵᠠᠷ ᠣᠷᠣᠨ ᠤ ᠳᠥᠷᠪᠡᠨ ᠶᠡᠭᠡ ᠮᠡᠳᠡᠭᠡ ᠬᠤᠯᠪᠣᠭᠠᠨ ᠤ ᠠᠵᠤ | ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃ | | | ᠬᠤᠷᠠᠯ ᠳᠡᠭᠡᠷ᠎ᠡ ᠂ ᠡᠷᠦᠢ ᠬᠤᠷᠤᠢ ᠦᠭᠡᠢ ᠪᠠᠶᠢᠭ᠎ᠠ ᠤᠳᠠᠰᠤ ᠪᠠᠭᠠᠨ᠎ᠠ ᠶᠢ ᠴᠡᠭᠴᠡᠯᠡᠨ ᠵᠠᠰᠠᠬᠤ ᠠᠵᠢᠯ ᠤᠨ ᠵᠠᠷᠴᠢᠮ᠂ ᠠᠵᠢᠯ ᠤᠨ ᠬᠡᠪᠴᠢᠶ᠎ᠡ᠂ ᠠᠵᠢᠯ ᠤᠨ | ᠡᠭᠦᠷᠭᠡ ᠶᠢᠨ ᠲᠣᠭᠤᠷᠢᠨ ᠳᠤ ᠪᠠᠶᠢᠷᠢᠯᠠᠭᠤᠯᠤᠯᠲᠠ ᠬᠢᠵᠡᠶ᠃ | ᠬᠤᠷᠠᠯ ᠲᠤᠳᠤᠷᠬᠠᠶᠢᠯᠠᠭᠰᠠᠨ ᠨᠢ᠂ ᠡᠨᠡ ᠵᠢᠯ ᠤᠨ ᠡᠴᠦᠰ ᠠᠴᠠ ᠡᠮᠦᠨ᠎ᠡ ᠴᠡᠭᠴᠡᠯᠡᠨ ᠵᠠᠰᠠᠬᠤ ᠠᠵᠢᠯ ᠢ ᠡᠷᠬᠡᠪᠰᠢ ᠪᠡᠶᠡᠯᠡᠭᠦᠯᠬᠦ ᠬᠡᠷᠡᠭᠲᠡᠶ᠃ ᠮᠡᠳᠡᠭᠡ | ᠬᠤᠯᠪᠣᠭᠠᠨ ᠤ ᠳᠥᠷᠪᠡᠨ ᠲᠣᠮᠣ ᠠᠵᠤ ᠠᠬᠤᠶᠢᠯᠠᠯ ᠬᠤᠷᠠᠯ ᠤᠨ ᠳᠠᠷᠠᠭ᠎ᠠ ᠡᠮᠦᠨᠡᠬᠢ ᠬᠤᠭᠤᠴᠠᠭᠠᠨ ᠤ ᠠᠵᠢᠯ ᠢ ᠳᠠᠷᠦ᠋ᠢᠬᠠᠨ ᠬᠢᠵᠦ᠂ ᠤᠷᠢᠳᠴᠢᠯᠠᠭᠰᠠᠨ | ᠬᠡᠮᠵᠢᠶ᠎ᠡ ᠪᠠᠨ ᠰᠠᠶᠢᠲᠤᠷ ᠲᠤᠭᠲᠠᠭᠠᠨ᠂ ᠠᠵᠢᠯ ᠤᠨ ᠠᠬᠢᠴᠠ ᠪᠠᠨ ᠴᠢᠩᠭᠠᠷᠠᠭᠤᠯᠤᠨ᠂ ᠳᠠᠷᠤᠢ ᠲᠦᠷᠭᠡᠨ ᠪᠠᠶᠢᠷᠢᠯᠠᠭᠤᠯᠤᠨ᠎ᠠ ᠭᠡᠵᠡᠢ᠃ ᠲᠠᠷᠠᠭᠠᠴᠢ ᠶᠢᠨ ᠠᠯᠬᠤᠮ ᠳᠤ᠂ | ᠳᠡᠭᠡᠳᠦ ᠦᠷᠭᠡᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠡᠷᠦᠢ ᠬᠤᠷᠤᠢ ᠦᠭᠡᠢ ᠪᠠᠶᠢᠭ᠎ᠠ ᠤᠳᠠᠰᠤ ᠪᠠᠭᠠᠨ᠎ᠠ ᠶᠢ ᠴᠡᠭᠴᠡᠯᠡᠨ ᠵᠠᠰᠠᠬᠤ ᠠᠵᠢᠯ ᠢ | ᠲᠠᠰᠤᠷᠠᠯᠲᠠ ᠥᠬᠡᠶ ᠳᠥᠯᠭᠢᠨ ᠠᠬᠢᠭᠤᠯᠵᠤ᠂ ᠴᠡᠭᠴᠡᠯᠡᠨ ᠵᠠᠰᠠᠬᠤ ᠬᠠᠷᠠᠯᠲᠠ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠪᠣᠯᠪᠠᠰᠤᠨ ᠬᠤᠲᠠ ᠶᠢ ᠪᠠᠶᠢᠭᠤᠯᠬᠤ ᠳᠤ | ᠬᠦᠴᠦᠨ ᠨᠡᠮᠡᠷᠢᠯᠡᠨ᠎ᠡ᠃ |