ᠳᠡᠭᠡᠳᠦ ᠦᠷᠭᠡᠨ ᠤ ᠲᠠᠷᠢᠶᠠᠯᠠᠩ ᠳᠤ ᠦᠢᠯᠡᠴᠢᠯᠡᠬᠦ ᠬᠢᠵᠠᠭᠠᠷᠲᠤ ᠺᠣᠮᠫᠠᠨᠢ ᠭᠤᠯᠢᠷ ᠪᠣᠷᠣᠯᠠᠭᠤᠯᠬᠤ ᠵᠠᠬᠢᠶᠠᠯᠠᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2025/3/21
    3 ᠰᠠᠷ᠎ᠠ ᠶᠢᠨ 19 ᠤ ᠡᠳᠦᠷ᠂ ᠳᠡᠭᠡᠳᠦ ᠦᠷᠭᠡᠨ ᠤ ᠲᠠᠷᠢᠶᠠᠯᠠᠩ ᠳᠤ ᠦᠢᠯᠡᠴᠢᠯᠡᠬᠦ ᠬᠢᠵᠠᠭᠠᠷᠲᠤ ᠺᠣᠮᠫᠠᠨᠢ ᠲᠤᠬᠠᠶᠢᠯᠠᠭᠰᠠᠨ ᠠᠵᠢᠯ ᠢᠶᠠᠨ ᠥᠷᠭᠡᠳᠬᠡᠵᠦ᠂ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠥᠪᠡᠷ ᠤᠨ ᠦᠢᠯᠡᠳᠪᠦᠷᠢᠯᠡᠭᠰᠡᠨ ︽ ᠤᠷᠤᠭᠰᠢᠯᠠᠯᠲᠠ ᠲᠣᠰᠬᠤᠨ︾ ᠭᠡᠬᠦ ᠲᠡᠮᠳᠡᠭᠲᠦ ᠭᠤᠯᠢᠷ ᠢᠶᠠᠨ ᠪᠤᠷᠤᠯᠠᠭᠤᠯᠤᠨ᠂ ᠭᠤᠯᠢᠷ ᠤᠨ ᠨᠠᠷᠠᠲᠤ ᠲᠡᠮᠳᠡᠭᠲᠦ ᠶᠢ ᠡᠭᠦᠳᠬᠦ ᠶᠢᠨ ᠲᠥᠯᠥᠭᠡ᠂ ᠡᠷᠭᠦᠨ᠎ᠡ ᠬᠤᠲᠠ ᠶᠢᠨ ᠭᠤᠯᠢᠷ ᠪᠣᠯᠪᠠᠰᠤᠷᠠᠭᠤᠯᠬᠤ᠂ ᠭᠤᠯᠢᠷ ᠪᠤᠷᠤᠯᠠᠭᠤᠯᠵᠤ ᠪᠠᠶᠢᠭ᠎ᠠ ᠣᠯᠠᠨ ᠠᠵᠤ ᠠᠬᠤᠶᠢᠯᠠᠯ ᠲᠠᠢ ᠬᠠᠷᠢᠯᠴᠠᠵᠤ᠂ ᠵᠠᠬᠢᠶᠠᠯᠠᠭ᠎ᠠ ᠶᠢᠨ ᠬᠤᠷᠠᠯ ᠢ ᠬᠤᠷᠠᠯᠳᠤᠭᠤᠯᠪᠠ᠃
         上库力3.jpg
     ᠪᠠᠷᠠᠭ᠎ᠠ ᠵᠠᠬᠢᠶᠠᠯᠠᠬᠤ ᠬᠤᠷᠠᠯ ᠳᠡᠭᠡᠷ᠎ᠡ᠂ ᠳᠡᠭᠡᠳᠦ ᠦᠷᠭᠡᠨ ᠤ ᠲᠠᠷᠢᠶᠠᠯᠠᠩ ᠳᠤ ᠦᠢᠯᠡᠴᠢᠯᠡᠬᠦ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢ ᠶᠢᠨ ᠳᠠᠷᠤᠭ᠎ᠠ ᠯᠢ ᠶᠠᠨ ᠬᠠᠢ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠳᠤ ᠺᠣᠮᠫᠠᠨᠢ ᠶᠢᠨ ᠲᠦᠢᠮᠣ ᠪᠠᠶᠢᠳᠠᠯ ᠵᠢᠴᠢ ᠬᠥᠭᠵᠢᠯᠲᠡ ᠶᠢᠨ ᠤᠢᠢᠯᠠᠭᠠᠭᠳᠠᠬᠤᠨ ᠢ ᠲᠠᠨᠢᠯᠴᠠᠭᠤᠯᠪᠠ᠃  ᠤᠷᠤᠭᠰᠢᠯᠠᠯᠲᠠ ᠲᠣᠰᠬᠤᠨ ᠤ ᠭᠤᠯᠢᠷ ᠤᠨ ᠦᠢᠯᠡᠳᠪᠦᠷᠢ ᠶᠢᠨ ᠦᠢᠯᠡᠳᠪᠦᠷᠢᠯᠡᠭᠰᠡᠨ ᠭᠤᠯᠢᠷ ᠤᠨ ᠲᠤᠬᠠᠢ ᠶᠠᠷᠢᠬᠤ ᠳᠤ ᠪᠠᠨ ᠮᠠᠨ ᠤ ᠥᠪᠡᠷ ᠢᠶᠠᠨ ᠦᠢᠯᠡᠳᠪᠦᠷᠢᠯᠡᠭᠰᠡᠨ ᠴᠢᠨᠠᠷ ᠰᠠᠶᠢᠲᠠᠢ ᠪᠤᠭᠤᠳᠠᠢ ᠶᠢ ᠬᠡᠷᠡᠭᠯᠡᠵᠡᠢ᠃ ᠲᠦᠭᠦᠬᠡᠶ ᠮᠠᠲ᠋ᠧᠷᠢᠶᠠᠯ ᠤᠨ ᠪᠤᠭᠤᠳᠠᠢ ᠲᠠᠷᠢᠬᠤ ᠲᠠᠯ᠎ᠠ ᠪᠠᠷ ᠲᠠᠷᠢᠶᠠᠨ ᠡᠮ᠂ ᠬᠢᠮᠢ ᠶᠢᠨ ᠪᠤᠷᠳᠤᠭᠤᠷ ᠬᠡᠷᠡᠭᠯᠡᠬᠦ ᠬᠡᠮᠵᠢᠶ᠎ᠡ ᠶᠢ ᠪᠠᠭᠠᠰᠬᠠᠬᠤ ᠶᠢ ᠪᠠᠲᠤᠯᠠᠵᠤ᠂ ᠦᠢᠯᠡᠳᠪᠦᠷᠢᠯᠡᠯ ᠤᠨ ᠤᠷ᠎ᠠ ᠮᠡᠷᠭᠡᠰᠢᠯ ᠤᠨ ᠲᠠᠯ᠎ᠠ ᠪᠠᠷ ᠶᠠᠮᠠᠷᠪᠠ ᠨᠡᠮᠡᠯᠲᠡ ᠡᠳ᠋ ᠬᠡᠷᠡᠭᠯᠡᠬᠦ ᠶᠢ ᠲᠡᠪᠴᠢᠵᠦ᠂ ᠴᠢᠨᠠᠷ ᠰᠠᠶᠢᠲᠠᠶ ᠪᠣᠬᠢᠷᠲᠤᠯ ᠦᠭᠡᠢ ᠲᠦᠷᠦᠯ ᠲᠡᠮᠳᠡᠭ ᠢ ᠡᠭᠦᠳᠴᠦ᠂ ᠤᠯᠠᠨ ᠲᠦᠮᠡᠨ ᠳᠤ ᠰᠠᠨᠠᠭ᠎ᠠ ᠠᠮᠤᠷ ᠭᠤᠯᠢᠷ ᠠᠮᠲᠠᠯᠠᠭᠤᠯᠬᠤ ᠬᠡᠷᠡᠭᠲᠡᠶ᠃ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠦᠢᠯᠡᠳᠭᠦᠨ ᠤ ᠨᠡᠮᠡᠯᠲᠡ ᠥᠷᠲᠡᠭ ᠢ ᠨᠡᠮᠡᠭᠳᠡᠭᠦᠯᠬᠦ ᠶᠢᠨ ᠲᠥᠯᠥᠭᠡ᠂ ᠬᠤᠷᠠᠯ ᠳᠤ ᠢᠷᠡᠵᠦ ᠪᠠᠷᠠᠭ᠎ᠠ ᠵᠠᠬᠢᠶᠠᠯᠠᠬᠤ ᠠᠵᠤ ᠠᠬᠤᠶᠢᠯᠠᠯ ᠳᠤ ᠦᠨ᠎ᠡ ᠬᠠᠩᠰᠢ ᠶᠢᠨ ᠬᠠᠷᠠᠭᠠᠯᠵᠠᠯ ᠦᠵᠡᠭᠦᠯᠵᠦ᠂ ᠺᠣᠮᠫᠠᠨᠢ ᠪᠣᠯᠤᠨ ᠭᠤᠯᠢᠷ ᠢᠳᠡᠭᠡᠨ ᠪᠣᠯᠪᠠᠰᠤᠷᠠᠭᠤᠯᠬᠤ᠂ ᠪᠣᠷᠣᠯᠠᠭᠤᠯᠬᠤ ᠠᠵᠤ ᠠᠬᠤᠶᠢᠯᠠᠯ ᠤᠨ ᠬᠠᠮᠲᠤ ᠶᠢᠨ ᠬᠥᠭᠵᠢᠯᠲᠡ ᠶᠢ ᠠᠬᠢᠭᠤᠯᠵᠤ᠂ ᠬᠤᠶᠠᠷ ᠲᠠᠯ᠎ᠠ ᠪᠠᠷ ᠢᠶᠠᠨ ᠠᠰᠢᠭ ᠭᠥᠷᠳᠡᠬᠦ ᠶᠢ ᠪᠡᠶᠡᠯᠡᠭᠦᠯᠦᠨ᠎ᠡ᠃
      上库力4.jpg
    ᠲᠣᠰ ᠤᠳᠠᠭᠠᠨ ᠤ ᠵᠠᠬᠢᠶᠠᠯᠠᠭ᠎ᠠ ᠶᠢᠨ ᠬᠤᠷᠠᠯ ᠮᠠᠰᠢ ᠠᠮᠵᠢᠯᠲᠠ ᠲᠠᠢ ᠶᠠᠪᠤᠭᠳᠠᠵᠤ᠂ ᠳᠡᠭᠡᠳᠦ ᠦᠷᠭᠡᠨ ᠤ ᠲᠠᠷᠢᠶᠠᠯᠠᠩ ᠳᠤ ᠦᠢᠯᠡᠴᠢᠯᠡᠬᠦ ᠬᠢᠵᠠᠭᠠᠷᠲᠤ ᠺᠣᠮᠫᠠᠨᠢ ᠶᠢᠨ ᠲᠠᠷᠠᠭᠠᠴᠢ ᠶᠢᠨ ᠠᠯᠬᠤᠮ ᠤᠨ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ ᠳᠤ ᠮᠠᠰᠢ ᠰᠠᠶᠢᠨ ᠰᠠᠭᠤᠷᠢ  ᠶᠢ ᠲᠠᠯᠪᠢᠵᠠᠢ ᠃
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ