ᠰᠢᠪᠡᠭᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ 2024 ᠣᠨ ᠤ ᠠᠵᠤ ᠠᠬᠤᠶ ᠶᠢᠨ ᠠᠵᠢᠯᠯᠠᠭᠠᠨ ᠤ ᠵᠠᠳᠠᠯᠤᠯᠲᠠ ᠶᠢᠨ ᠬᠤᠷᠠᠯ ᠪᠠ 2025 ᠣᠨ ᠤ ᠦᠢᠯᠡᠳᠪᠦᠷᠢᠯᠡᠯ ᠡᠵᠡᠩᠨᠡᠯᠲᠡ ᠶᠢᠨ ᠲᠥᠰᠦᠪ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/21
     3 ᠰᠠᠷ᠎ᠠ ᠶᠢᠨ 19 ᠤ ᠡᠳᠦᠷ᠂ ᠰᠢᠪᠡᠭᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ 2024 ᠣᠨ ᠤ ᠠᠵᠤ ᠠᠬᠤᠶ ᠶᠢᠨ ᠠᠵᠢᠯᠯᠠᠭᠠᠨ ᠤ ᠵᠠᠳᠠᠯᠤᠯᠲᠠ ᠶᠢᠨ ᠬᠤᠷᠠᠯ ᠪᠠ 2025 ᠣᠨ ᠤ ᠦᠢᠯᠡᠳᠪᠦᠷᠢᠯᠡᠯ ᠡᠵᠡᠩᠨᠡᠯᠲᠡ ᠶᠢᠨ ᠲᠥᠰᠦᠪ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ ᠃ ᠺᠣᠮᠫᠠᠨᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠢ ᠳᠠᠭᠠᠭᠠᠮᠠᠯ ᠨᠢᠦ ᠵᠢᠶᠠᠨ ᠮᠢᠨ᠂ ᠨᠠᠮ ᠤᠨ ᠬᠤᠷᠢᠶᠠᠨ ᠤ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠯᠢ ᠪᠦᠦ ᠱᠧᠩ᠂ ᠨᠠᠮ ᠤᠨ ᠬᠤᠷᠢᠶᠠᠨ ᠤ ᠭᠡᠰᠢᠭᠦᠨ᠂ ᠳᠡᠳ᠋ ᠶᠡᠷᠦᠩᠬᠡᠢ ᠳᠠᠭᠠᠭᠠᠮᠠᠯ ᠵᠠᠩ ᠱᠢ ᠬᠤᠸᠠ᠂ ᠯᠢ ᠬᠠᠢ ᠯᠦᠩ ᠵᠢᠴᠢ ᠡᠯ᠎ᠡ ᠦᠢᠯᠡᠳᠪᠦᠷᠢᠯᠡᠯ ᠤᠨ ᠪᠠᠷᠢᠭᠠᠳᠠ᠂ ᠬᠤᠪᠢᠶᠠᠷᠢ ᠺᠣᠮᠫᠠᠨᠢ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠣᠯᠤᠨ ᠡᠳ᠋ ᠤᠨ ᠶᠠᠪᠤᠳᠠᠯ ᠤᠨ ᠠᠵᠢᠯᠲᠠᠳ ᠬᠤᠷᠠᠯ ᠳᠤ ᠣᠷᠣᠯᠴᠠᠵᠤ᠂ ᠺᠣᠮᠫᠠᠨᠢ ᠶᠢᠨ ᠬᠥᠭᠵᠢᠯᠲᠡ ᠶᠢᠨ ᠲᠤᠬᠠᠢ ᠬᠠᠮᠲᠤᠪᠠᠷ ᠪᠠᠶᠢᠷᠢᠯᠠᠭᠤᠯᠤᠯᠲᠠ ᠬᠢᠵᠡᠢ᠃
      室韦.jpg
     ᠬᠤᠷᠠᠯ ᠳᠡᠭᠡᠷ᠎ᠡ᠂ ᠡᠯ᠎ᠡ ᠦᠢᠯᠡᠳᠪᠦᠷᠢᠯᠡᠯ ᠤᠨ ᠪᠠᠷᠢᠭᠠᠳᠠ ᠪᠣᠯᠤᠨ ᠬᠤᠪᠢᠶᠠᠷᠢ ᠺᠣᠮᠫᠠᠨᠢ ᠲᠡᠰ ᠳᠠᠷᠠᠭᠠᠯᠠᠨ ᠠᠵᠢᠯ ᠤᠨ ᠬᠠᠷᠢᠭᠤ ᠮᠡᠳᠡᠭᠦᠯᠦᠯᠲᠡ ᠬᠢᠵᠦ᠂ 2024 ᠣᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠨᠠᠷᠢᠨ ᠲᠣᠳᠣᠷᠬᠠᠢ ᠥᠭᠦᠯᠡᠭᠰᠡᠨ ᠪᠥᠭᠡᠳ 2024 ᠣᠨ ᠤ ᠪᠣᠳᠠᠲᠠᠢ ᠡᠵᠡᠩᠨᠡᠯᠲᠡ ᠶᠢᠨ ᠦᠷ᠎ᠡ ᠪᠦᠲᠦᠭᠡᠯ ᠪᠣᠯᠤᠨ ᠵᠠᠬ᠎ᠠ ᠳᠡᠯᠭᠡᠭᠦᠷ ᠤᠨ ᠬᠠᠨᠳᠤᠰᠢ ᠲᠠᠢ ᠤᠶᠠᠯᠳᠤᠭᠤᠯᠵᠤ᠂ ᠰᠢᠨ᠎ᠡ ᠨᠢᠭᠡ ᠵᠢᠯ ᠤᠨ ᠲᠥᠰᠦᠪ ᠤᠨ ᠲᠥᠯᠥᠪᠵᠢᠭᠦᠯᠭᠡ ᠶᠢ ᠳᠤᠷᠠᠳᠴᠠᠢ᠃
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ