3 ᠰᠠᠷ᠎ᠠ ᠶᠢᠨ 17 ᠤ ᠡᠳᠦᠷ᠂ ᠳᠡᠭᠡᠳᠦ ᠦᠷᠭᠡᠨ ᠤ ᠲᠠᠷᠢᠶᠠᠯᠠᠩ ᠳᠤ ᠦᠢᠯᠡᠴᠢᠯᠡᠬᠦ ᠬᠢᠵᠠᠭᠠᠷᠲᠤ ᠺᠣᠮᠫᠠᠨᠢ ᠪᠠ ᠳᠤᠮᠳᠠᠳᠤ ᠤᠯᠤᠰ ᠤᠨ ᠲᠠᠷᠢᠶᠠᠯᠠᠩ ᠤᠨ | ᠪᠠᠩᠬᠢ ᠶᠢᠨ ᠡᠷᠭᠦᠨ᠎ᠡ ᠶᠢᠨ ᠰᠠᠯᠪᠤᠷᠢ ᠪᠠᠩᠬᠢ ᠲᠠᠷᠢᠶᠠᠴᠢᠳ ᠲᠤ ᠠᠰᠢᠭ ᠬᠦᠷᠲᠡᠭᠡᠬᠦ ᠵᠢᠭᠡᠯᠡᠯᠭᠡ ᠶᠢᠨ ᠭᠡᠷ᠎ᠡ ᠲᠣᠭᠲᠠᠬᠤ ᠶᠣᠰᠣᠯᠠᠯ ᠶᠠᠪᠤᠭᠤᠯᠪᠠ ᠃ ᠲᠣᠰ ᠤᠳᠠᠭᠠᠨ ᠤ | ᠬᠠᠮᠲᠤᠷᠠᠯᠴᠠᠭ᠎ᠠ ᠨᠢ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢ ᠭᠦᠢᠴᠡᠳ ᠠᠬᠢᠭᠤᠯᠪᠠ᠃ ᠡᠨᠡ ᠨᠢ ᠮᠠᠯᠴᠢᠨ ᠲᠠᠷᠢᠶᠠᠴᠢᠨ ᠳᠤ ᠬᠦᠴᠦᠲᠡᠶ ᠪᠠᠯᠠ | ᠮᠥᠩᠭᠦᠨ ᠤ ᠳᠡᠮᠵᠢᠯᠭᠡ ᠬᠠᠩᠭᠠᠭᠰᠠᠨ ᠪᠠᠶᠢᠨ᠎ᠠ᠃ | | | | ᠳᠡᠭᠡᠳᠦ ᠦᠷᠭᠡᠨ ᠤ ᠲᠠᠷᠢᠶᠠᠯᠠᠩ ᠳᠤ ᠦᠢᠯᠡᠴᠢᠯᠡᠬᠦ ᠬᠢᠵᠠᠭᠠᠷᠲᠤ ᠺᠣᠮᠫᠠᠨᠢ ᠶᠢᠨ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠢᠲᠡᠭᠡᠮᠵᠢ ᠶᠢᠨ ᠡᠭᠦᠷᠭᠡ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠲᠠᠷᠢᠶᠠᠯᠠᠩ ᠤᠨ ᠪᠠᠩᠬᠢ ᠳᠤ ᠲᠣᠰ ᠭᠠᠵᠠᠷ | ᠣᠷᠣᠨ ᠤ ᠪᠠᠯᠠ ᠮᠦᠩᠭᠦᠨ ᠤ ᠬᠡᠷᠡᠭᠴᠡᠭᠡ ᠲᠠᠢ ᠢᠲᠡᠭᠡᠮᠵᠢᠲᠡᠢ ᠮᠠᠯᠴᠢᠨ ᠲᠠᠷᠢᠶᠠᠴᠢᠨ ᠢ ᠲᠠᠨᠢᠯᠴᠠᠭᠤᠯᠪᠠ᠃ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ | ᠡᠷᠭᠦᠨ᠎ᠡ ᠶᠢᠨ ᠰᠠᠯᠪᠤᠷᠢ ᠪᠠᠩᠬᠢ ᠲᠤᠰᠬᠠᠶ ᠮᠡᠷᠭᠡᠵᠢᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠢᠳᠠᠪᠤᠷᠢ ᠪᠠ ᠡᠯᠪᠡᠭ ᠪᠠᠶᠠᠯᠢᠭ ᠢᠲᠡᠭᠡᠮᠵᠢᠲᠦ ᠵᠢᠭᠡᠯᠡᠯᠭᠡ ᠶᠢᠨ | ᠲᠤᠷᠰᠢᠯᠭ᠎ᠠ ᠪᠠᠷ ᠢᠶᠠᠨ ᠲᠠᠨᠢᠯᠴᠠᠭᠤᠯᠤᠭᠰᠠᠨ ᠮᠠᠯᠴᠢᠨ ᠲᠠᠷᠢᠶᠠᠴᠢᠨ ᠢ ᠴᠢᠩᠭ᠎ᠠ ᠬᠢᠨᠠᠨ ᠪᠠᠶᠢᠴᠠᠭᠠᠵᠤ᠂ ᠲᠦᠭᠰᠢᠭᠦᠷᠢ ᠶᠢ ᠡᠵᠡᠮᠳᠡᠭᠰᠡᠨ ᠤᠷᠢᠲᠠᠯ ᠳᠣᠣᠷ᠎ᠠ᠂ | ᠨᠥᠬᠦᠴᠡᠯ ᠳᠤ ᠨᠡᠶᠢᠴᠡᠬᠦ ᠮᠠᠯᠴᠢᠨ ᠲᠠᠷᠢᠶᠠᠴᠢᠨ ᠳᠤ ᠵᠢᠭᠡᠯᠡᠯᠭᠡ ᠲᠠᠯᠪᠢᠵᠤ᠂ ᠵᠢᠭᠡᠯᠡᠯᠭᠡ ᠶᠢᠨ ᠲᠤᠭ᠎ᠠ ᠬᠡᠮᠵᠢᠶ᠎ᠡ᠂ ᠬᠦᠦ ᠮᠥᠩᠭᠦ ᠶᠢᠨ ᠨᠤᠷᠮ᠎ᠠ ᠪᠣᠯᠤᠨ ᠬᠤᠭᠤᠴᠠᠭ᠎ᠠ | ᠬᠢᠵᠠᠭᠠᠷ ᠲᠤ ᠴᠥᠮ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠣᠳᠠᠲᠠᠢ ᠬᠡᠷᠡᠭᠴᠡᠭᠡ ᠶᠢ ᠭᠦᠢᠴᠡᠳ ᠪᠣᠳᠣᠯᠬᠢᠯᠠᠵᠠᠢ᠂ ᠡᠭᠦᠨ ᠤ ᠵᠣᠷᠢᠯᠭ᠎ᠠ ᠨᠢ | ᠮᠠᠯᠴᠢᠨ ᠲᠠᠷᠢᠶᠠᠴᠢᠨ ᠳᠤ ᠳᠥᠭᠦᠮ ᠳᠥᠲᠡ᠂ ᠥᠪᠡᠷ ᠤᠨ ᠦᠷᠳᠡᠭ ᠢᠶᠠᠷ ᠳᠣᠣᠷ᠎ᠠ ᠵᠢᠭᠡᠯᠡᠯᠭᠡ ᠬᠠᠩᠭᠠᠵᠤ᠂ ᠲᠡᠳᠡᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠᠬᠢ | ᠪᠡᠯᠡ ᠮᠦᠩᠭᠦᠨ ᠤ ᠬᠦᠴᠢᠷ ᠠᠰᠠᠭᠤᠳᠠᠯ ᠢ ᠰᠢᠢᠳᠪᠦᠷᠢᠯᠡᠨ ᠦᠭᠴᠦ᠂ ᠥᠷᠭᠡᠨ ᠤᠯᠠᠨ ᠮᠠᠯᠴᠢᠨ ᠲᠠᠷᠢᠶᠠᠴᠢᠨ ᠳᠤ ᠪᠡᠯᠡ ᠮᠦᠩᠭᠦᠨ ᠤ ᠪᠠᠲᠤᠯᠠᠭ᠎ᠠ ᠬᠠᠩᠭᠠᠵᠠᠢ᠃ | | | | ᠲᠣᠰ ᠤᠳᠠᠭᠠᠨ ᠤ ᠭᠡᠷ᠎ᠡ ᠲᠣᠭᠲᠠᠭᠰᠠᠨ ᠠᠵᠢᠯᠯᠠᠭ᠎ᠠ ᠨᠢ ᠲᠤᠬᠠᠶ ᠶᠢᠨ ᠭᠠᠵᠠᠷ ᠤᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠳᠤ ᠰᠢᠨ᠎ᠡ | ᠠᠮᠢᠵᠢᠷᠠᠯ ᠤᠨ ᠬᠦᠴᠦᠨ ᠢ ᠨᠡᠮᠡᠷᠢᠯᠡᠨ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠵᠠᠭᠪᠤᠷ ᠢ ᠲᠠᠰᠤᠷᠠᠯᠲᠠ ᠥᠬᠡᠶ ᠰᠢᠨᠡᠴᠢᠯᠡᠨ ᠂ ᠦᠢᠯᠡᠴᠢᠯᠡᠭᠡᠨ ᠤ ᠶᠠᠪᠤᠴᠠ ᠪᠠᠨ ᠰᠢᠯᠢᠳᠡᠭᠵᠢᠭᠦᠯᠵᠦ᠂ ᠲᠤᠬᠠᠶ ᠶᠢᠨ ᠭᠠᠵᠠᠷ ᠤᠨ ᠲᠠᠷᠢᠶᠠᠯᠠᠩ ᠮᠠᠯ | ᠠᠵᠤ ᠠᠬᠤᠶ ᠶᠢᠨ ᠴᠢᠨᠠᠷᠯᠢᠭ ᠬᠥᠭᠵᠢᠯᠲᠡ ᠶᠢ ᠠᠬᠢᠭᠤᠯᠤᠨ᠎ᠠ᠃ |