ᠬᠠᠪᠤᠷ ᠤᠨ ᠤᠯᠠᠷᠢᠯ ᠪᠣᠯᠬᠤ ᠶᠢ ᠳᠠᠭᠠᠯᠳᠤᠨ ᠂ ᠭᠠᠯ ᠢ ᠰᠡᠷᠭᠡᠶᠢᠯᠡᠬᠦ ᠴᠠᠭ ᠬᠤᠭᠤᠴᠠᠭ᠎ᠠ ᠪᠤᠯᠪᠠ᠃ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠢ ᠦᠨᠡᠨᠬᠦ ᠪᠠᠲᠤᠯᠠᠵᠤ᠂ ᠭᠠᠯ ᠤᠨ ᠠᠶᠤᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠶᠢᠨ ᠲᠥᠯᠥᠭᠡ᠂ 3 ᠰᠠᠷ᠎ᠠ ᠶᠢᠨ 18 ᠤ ᠡᠳᠦᠷ ᠂ ᠴᠤᠭᠯᠠᠭᠠᠨ ᠤ | ᠵᠠᠬ᠎ᠠ ᠳᠡᠯᠭᠡᠭᠦᠷ ᠲᠤ ᠮᠣᠷᠳᠠᠭ᠎ᠠ ᠪᠠᠯᠭᠠᠰᠤᠨ ᠤ ᠵᠠᠰᠠᠭ ᠤᠨ ᠣᠷᠳᠣᠨ ᠪᠤᠯᠤᠨ ᠡᠯ᠎ᠡ ᠨᠡᠶᠢᠭᠡᠮ ᠲᠣᠭᠤᠷᠢᠭ ᠲᠠᠢ ᠬᠠᠮᠲᠤᠷᠠᠨ ᠂ ᠬᠠᠪᠤᠷ ᠤᠨ ᠤᠯᠠᠷᠢᠯ ᠤᠨ ᠭᠠᠯ ᠢ | ᠰᠡᠷᠭᠡᠶᠢᠯᠡᠬᠦ ᠤᠬᠠᠭᠤᠯᠭ᠎ᠠ ᠬᠢᠪᠡ᠃ | | | | ᠲᠣᠰ ᠤᠳᠠᠭᠠᠨ ᠤ ᠠᠵᠢᠯᠯᠠᠭ᠎ᠠ ᠳᠤ ᠂ ᠭᠠᠯ ᠢ ᠰᠡᠷᠭᠡᠶᠢᠯᠡᠬᠦ ᠤᠬᠠᠭᠤᠯᠬᠤ ᠬᠠᠭᠤᠳᠠᠰᠤ ᠲᠠᠷᠬᠠᠭᠠᠬᠤ ᠪᠠ ᠷᠠᠳᠢᠣ᠋ ᠨᠡᠪᠲᠡᠷᠡᠭᠦᠯᠭᠡ ᠶᠢ ᠠᠰᠢᠭᠯᠠᠬᠤ ᠪᠠᠷ | ᠳᠠᠮᠵᠢᠭᠤᠯᠤᠨ᠂ ᠥᠷᠭᠡᠨ ᠣᠯᠠᠨ ᠰᠠᠭᠤᠭᠠᠯᠢ ᠠᠷᠠᠳ ᠲᠤ ᠬᠠᠪᠤᠷ ᠤᠨ ᠤᠯᠠᠷᠢᠯ ᠤᠨ ᠭᠠᠯ ᠢ ᠰᠡᠷᠭᠡᠶᠢᠯᠡᠬᠦ ᠶᠢᠨ ᠴᠢᠬᠤᠯᠠ ᠴᠢᠨᠠᠷ ᠪᠠ ᠬᠤᠯᠪᠣᠭᠳᠠᠯ ᠪᠥᠬᠦᠶ | ᠠᠩᠬᠠᠷᠬᠤ ᠴᠢᠬᠤᠯᠠᠲᠠᠢ ᠵᠦᠢᠯ ᠢ ᠲᠦᠭᠡᠮᠡᠯᠵᠢᠭᠦᠯᠵᠡᠶ᠃ ᠤᠬᠠᠭᠤᠯᠬᠤ ᠬᠠᠭᠤᠳᠠᠰᠤᠨ ᠳᠤ ᠣᠶ ᠰᠢᠭᠤᠶ ᠶᠢᠨ ᠭᠠᠯ ᠤᠨ ᠭᠠᠮᠰᠢᠭ ᠤᠨ ᠬᠥᠨᠥᠭᠡᠯ᠂ ᠤᠷᠢᠳᠴᠢᠯᠠᠨ | ᠰᠡᠷᠭᠡᠶᠢᠯᠡᠬᠦ ᠠᠷᠭ᠎ᠠ ᠬᠡᠮᠵᠢᠶ᠎ᠡ ᠵᠢᠴᠢ ︽ᠭᠤᠷᠪᠠ ᠶᠢ ᠴᠡᠪᠡᠷᠯᠡᠵᠦ ᠭᠤᠷᠪᠠ ᠶᠢ ᠬᠠᠭᠠᠬᠤ︾ ︵ᠲᠣᠭᠤᠭᠠᠨ ᠬᠡᠷ᠂ ᠨᠠᠷᠠᠪᠴᠢ᠂ ᠠᠰᠠᠷ ᠤᠨ ᠬᠤᠩᠭᠢᠯ ᠢ ᠴᠡᠪᠡᠷᠯᠡᠬᠦ᠂ | ᠰᠢᠲᠠᠮᠠᠬᠠᠶ ᠬᠡᠶ᠂ ᠴᠠᠬᠢᠯᠭᠠᠨ ᠡᠭᠦᠰᠭᠡᠭᠴᠢ᠂ ᠡᠭᠦᠳᠡ ᠴᠣᠩᠬᠤ ᠶᠢ ᠬᠠᠭᠠᠬᠤ︶ ᠵᠡᠷᠭᠡ ᠬᠡᠷ ᠪᠦᠯᠢ ᠶᠢᠨ ᠭᠠᠯ ᠢ ᠰᠡᠷᠭᠡᠶᠢᠯᠡᠬᠦ ᠪᠠᠭ᠎ᠠ ᠮᠡᠳᠡᠯᠭᠡ ᠶᠢ ᠪᠠᠭᠲᠠᠭᠠᠵᠤ᠂ | ᠰᠠᠭᠤᠭᠠᠯᠢ ᠠᠷᠠᠳ ᠤᠨ ᠭᠠᠯ ᠢ ᠰᠡᠷᠭᠡᠶᠢᠯᠡᠬᠦ ᠤᠬᠠᠮᠰᠠᠷ ᠪᠠ ᠥᠪᠡᠷ ᠢ ᠪᠠᠨ ᠠᠪᠤᠷᠬᠠᠤ ᠴᠢᠳᠠᠪᠤᠷᠢ ᠶᠢ ᠳᠡᠭᠡᠭᠰᠢᠯᠡᠭᠦᠯᠬᠦ ᠪᠠᠷ ᠵᠣᠷᠢᠯᠭ᠎ᠠ ᠪᠣᠯᠭᠠᠭᠰᠠᠨ ᠪᠠᠶᠢᠨ᠎ᠠ᠃ | ᠲᠤᠰ ᠤᠳᠠᠭᠠᠨ ᠤ ᠬᠠᠪᠤᠷ ᠤᠨ ᠤᠯᠠᠷᠢᠯ ᠤᠨ ᠭᠠᠯ ᠢ ᠰᠡᠷᠭᠡᠶᠢᠯᠡᠬᠦ ᠤᠬᠠᠭᠤᠯᠭ᠎ᠠ ᠪᠠᠷ ᠳᠠᠮᠵᠢᠭᠠᠳ᠂ ᠮᠣᠷᠳᠠᠭ᠎ᠠ ᠪᠠᠯᠭᠠᠰᠤᠨ ᠤ ᠵᠠᠰᠠᠭ ᠤᠨ ᠣᠷᠳᠣᠨ | ᠰᠠᠭᠤᠭᠠᠯᠢ ᠠᠷᠠᠳ ᠤᠨ ᠭᠠᠯ ᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠲᠡᠳᠡᠨ ᠤ ᠭᠠᠯ ᠤᠨ ᠭᠠᠮᠰᠢᠭ ᠢ ᠠᠷᠭᠠᠴᠠᠭᠠᠬᠤ᠂ ᠥᠪᠡᠷ ᠢ ᠪᠠᠨ ᠠᠪᠤᠷᠠᠬᠤ | ᠴᠢᠳᠠᠪᠤᠷᠢ ᠶᠢ ᠳᠡᠭᠡᠭᠰᠢᠯᠡᠭᠦᠯᠦᠭᠰᠡᠨ ᠪᠠᠶᠢᠨ᠎ᠠ᠃ |