3 ᠰᠠᠷ᠎ᠠ ᠶᠢᠨ 20 ᠤ ᠡᠳᠦᠷ᠂ ᠡᠷᠭᠦᠨ᠎ᠡ ᠬᠤᠳᠠ ᠶᠢᠨ ᠵᠢᠷᠭᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 128 ᠳ᠋ᠤᠭᠠᠷ | ᠤᠳᠠᠭᠠᠨ ᠤ ᠬᠤᠷᠠᠯ ᠵᠢᠴᠢ ᠬᠤᠳᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ | ᠠᠩᠬᠠᠳᠤᠭᠠᠷ ᠤᠳᠠᠭᠠᠨ ᠤ ᠬᠤᠷᠠᠯ᠂ ᠬᠤᠳᠠ ᠶᠢᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 2025 ᠣᠨ ᠤ | ᠬᠤᠶᠠᠳᠤᠭᠠᠷ ᠤᠳᠠᠭᠠᠨ ᠤ ᠬᠤᠷᠠᠯ ᠬᠤᠷᠠᠯᠳᠤᠪᠠ᠃ | ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠢᠬᠤᠯᠠ ᠵᠣᠬᠢᠶᠠᠯ | ᠪᠠᠶᠠᠷ ᠤᠨ ᠦᠭᠡ ᠵᠢᠴᠢ ᠲᠥᠪ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠳᠠ ᠶᠢᠨ ᠬᠤᠯᠪᠣᠭᠳᠠᠯ ᠪᠦᠬᠦᠢ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠳᠠᠮᠵᠢᠭᠤᠯᠤᠨ ᠰᠤᠷᠤᠯᠴᠠᠪᠠ᠃ ᠬᠤᠳᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ | 2025 ᠣᠨ ᠤ ᠠᠩᠬᠠᠳᠤᠭᠠᠷ ᠤᠳᠠᠭᠠᠨ ᠤ ᠬᠤᠷᠠᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠪᠠ᠃ ︽ᠡᠷᠭᠦᠨ᠎ᠡ ᠬᠤᠲᠠ ᠶᠢᠨ ᠨᠠᠮ ᠤᠨ ᠬᠤᠷᠢᠶᠠᠨ ᠤ | ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 2025 ᠣᠨ ᠤ ᠠᠵᠢᠯ ᠤᠨ ᠭᠤᠤᠯᠳᠠᠯᠭ᠎ᠠ︾ ᠂ ︽ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶᠠᠨ ᠤ 2025 ᠣᠨ ᠤ ᠠᠵᠢᠯ ᠤᠨ ᠭᠤᠤᠯᠳᠠᠯᠭ᠎ᠠ︾ ᠶᠢ ᠰᠤᠳᠤᠯᠤᠨ ᠶᠠᠷᠢᠯᠴᠠᠵᠤ᠂ ᠬᠢᠨᠠᠨ ᠵᠦᠪᠯᠡᠪᠡ ᠃ ᠪᠥᠬᠦ ᠬᠤᠲᠠ ᠶᠢᠨ ᠠᠶᠤᠯᠭᠦᠢ | ᠦᠢᠯᠡᠳᠪᠦᠷᠢᠯᠡᠯ ᠪᠠ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠪᠠᠶᠢᠳᠠᠯ ᠢ ᠰᠣᠨᠣᠰᠴᠤ᠂ | ᠬᠠᠮᠢᠶ᠎ᠠ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠨ ᠯᠢ ᡁᠢ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ | ᠲᠠᠯᠪᠢᠵᠠᠶ᠃ | ᠬᠤᠷᠠᠯ ᠠᠴᠠ ᠴᠢᠬᠤᠯᠠᠴᠢᠯᠠᠭᠰᠠᠨ ᠨᠢ ᠂ ᠪᠦᠬᠦ ᠬᠤᠳᠠ ᠪᠠᠷ ᠢᠶᠠᠨ ᠨᠠᠮ ᠤᠨ ᠪᠠᠶᠢᠭᠤᠯᠤᠯᠲᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠭᠦᠨᠵᠡᠭᠡᠢ | ᠵᠠᠳᠠᠯᠤᠨ ᠰᠤᠳᠤᠯᠵᠤ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠲᠤᠰᠤᠯᠲᠠ ᠶᠢ ᠤᠨᠢᠨ ᠳᠡᠭᠡᠷ᠎ᠡ ᠨᠢ ᠵᠣᠯᠭᠠᠭᠤᠯᠵᠤ᠂ ︽ᠰᠠᠬᠢᠨ | ᠪᠠᠷᠠᠯᠠᠵᠤ ᠬᠠᠷᠢᠯᠴᠠᠨ ᠬᠠᠪᠰᠤᠷᠤᠯᠴᠠᠬᠤ︾ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠢ ᠡᠭᠦᠳᠬᠦ ᠪᠠᠷ ᠭᠠᠷᠳᠠᠴᠠ ᠪᠣᠯᠭᠠᠵᠤ᠂ ᠡᠯ᠎ᠡ ᠵᠦᠢᠯ ᠤᠨ ᠠᠵᠢᠯ ᠤᠨ | ᠡᠭᠦᠷᠭᠡ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠣᠷᠣᠨ | ᠪᠦᠰᠡ ᠶᠢᠨ ᠬᠠᠮᠲᠤᠷᠠᠯᠴᠠᠭ᠎ᠠ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ᠂ ᠵᠣᠬᠢᠶᠠᠨ ᠪᠠᠶᠢᠭᠤᠯᠤᠯᠲᠠ ᠶᠢᠨ ᠬᠢᠨᠠᠯᠲᠠ᠂ ᠰᠤᠷᠲᠠᠯ ᠤᠬᠠᠭᠤᠯᠭ᠎ᠠ ᠦᠵᠡᠯ ᠰᠠᠨᠠᠭ᠎ᠠ | ᠰᠣᠶᠣᠯ᠂ ᠨᠢᠭᠡᠳᠦᠮᠡᠯ ᠹᠷᠣᠨᠲ ᠵᠡᠷᠭᠡ ᠠᠵᠢᠯ ᠳᠤ ᠪᠣᠳᠠᠲᠠᠢ ᠪᠠᠶᠢᠷᠢᠯᠠᠭᠤᠯᠤᠯᠲᠠ ᠬᠢᠵᠡᠢ᠃ |