ᠤᠯᠤᠰ ᠤᠨ ᠤᠰᠤ ᠶᠢ ᠠᠷᠪᠢᠯᠠᠬᠤ ᠠᠵᠢᠯᠯᠠᠭ᠎ᠠ ᠶᠢᠨ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠷᠭᠡᠨ ᠣᠯᠠᠨ ᠺᠠᠳ᠋ᠷ ᠠᠵᠢᠯᠲᠠᠨ | ᠠᠵᠢᠯᠴᠢᠨ ᠵᠢᠴᠢ ᠬᠤᠲᠠ ᠶᠢᠨ ᠠᠷᠠᠳ ᠤᠨ ᠤᠰᠤ ᠶᠢ ᠠᠷᠪᠢᠯᠠᠬᠤ ᠦᠵᠡᠯ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ 3 ᠰᠠᠷ᠎ᠠ ᠶᠢᠨ 24 ᠤ ᠡᠳᠦᠷ ᠂ ᠡᠷᠭᠦᠨ᠎ᠡ | ᠬᠤᠲᠠ 2025 ᠣᠨ ᠤ ᠣᠯᠠᠨ ᠨᠡᠶᠢᠲᠡ ᠶᠢᠨ ᠪᠠᠶᠢᠭᠤᠯᠭ᠎ᠠ ᠶᠢᠨ ᠤᠰᠤ ᠶᠢ ᠠᠷᠪᠢᠯᠠᠬᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠦᠷᠨᠢᠭᠦᠯᠪᠡ᠃ ᠲᠤᠰ | ᠠᠵᠢᠯᠯᠠᠭ᠎ᠠ ᠳᠤ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠡᠯ᠎ᠡ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ | ᠬᠠᠷᠢᠭᠤᠴᠠᠯᠭᠠᠲᠠᠳ ᠣᠷᠣᠯᠴᠠᠪᠠ᠃ | | | | ᠡᠬᠢᠯᠡᠯᠲᠡ ᠶᠢᠨ ᠶᠣᠰᠣᠯᠠᠯ ᠳᠡᠭᠡᠷ᠎ᠡ ᠂ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠤᠰᠤᠨ | ᠠᠰᠢᠭᠯᠠᠯᠲᠠ ᠶᠢᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠳᠥᠷᠪᠡᠨ ᠰᠠᠯᠠᠭ᠎ᠠ ᠮᠥᠴᠢᠷ ᠤᠨ | ᠳᠠᠷᠤᠮᠠᠯᠯᠠᠨ ᠲᠠᠷᠬᠠᠭᠠᠭᠰᠠᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠳᠠᠮᠵᠢᠭᠤᠯᠤᠨ ᠰᠤᠷᠤᠯᠴᠠᠪᠠ᠃ ᠲᠡᠷᠡ ᠮᠦᠷᠲᠡᠭᠡᠨ ᠡᠨᠡ ᠵᠢᠯ ᠤᠨ ᠪᠥᠬᠦ ᠬᠤᠲᠠ ᠶᠢᠨ ᠣᠯᠠᠨ | ᠨᠡᠶᠢᠲᠡ ᠶᠢᠨ ᠪᠠᠶᠢᠭᠤᠯᠭ᠎ᠠ ᠶᠢᠨ ᠤᠰᠤ ᠶᠢ ᠠᠷᠪᠢᠯᠠᠬᠤ ᠠᠵᠢᠯ ᠤᠨ ᠡᠭᠦᠷᠭᠡ ᠶᠢ ᠪᠠᠶᠢᠷᠢᠯᠠᠭᠤᠯᠪᠠ᠃ | ᠡᠬᠢᠯᠡᠯᠲᠡ ᠶᠢᠨ ᠶᠣᠰᠣᠯᠠᠯ ᠤᠨ ᠳᠠᠷᠠᠭ᠎ᠠ᠂ ᠡᠷᠭᠦᠨ᠎ᠡ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠵᠠᠰᠠᠭ ᠤᠨ ᠣᠷᠳᠣᠨ ᠤ | ᠠᠯᠪᠠᠨ ᠭᠡᠷ᠂ ᠬᠤᠲᠠ ᠶᠢᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠵᠡᠷᠭᠡ ᠰᠠᠯᠠᠭ᠎ᠠ ᠮᠥᠴᠢᠷ ᠬᠠᠮᠲᠤᠷᠠᠨ ᠂ ᠭᠤᠣᠯ ᠰᠡᠳᠦᠪᠲᠦ ᠤᠬᠠᠭᠤᠯᠭ᠎ᠠ | ᠬᠢᠪᠡ ᠃ ᠨᠠᠮ ᠵᠠᠰᠠᠭ ᠤᠨ ᠪᠠᠶᠢᠭᠤᠯᠭ᠎ᠠ ᠂ ᠠᠵᠤ ᠠᠬᠤᠶᠢᠯᠠᠯ ︵ᠠᠵᠢᠯ ᠦᠢᠯᠡᠰ︶ ᠵᠢᠴᠢ ᠬᠤᠳᠠ ᠳᠤ ᠪᠠᠶᠢᠭ᠎ᠠ ᠡᠯ᠎ᠡ ᠪᠠᠶᠢᠭᠤᠯᠭ᠎ᠠ ᠨᠢᠭᠡᠴᠡ ᠪᠣᠯᠤᠨ ᠥᠷᠭᠡᠨ ᠤᠯᠠᠨ | ᠬᠤᠳᠠ ᠶᠢᠨ ᠠᠷᠠᠳ ᠢ ᠤᠷᠢᠶᠠᠯᠠᠨ᠂ ᠤᠰᠤ ᠶᠢ ᠠᠷᠪᠢᠯᠠᠨ ᠬᠡᠷᠡᠭᠯᠡᠬᠦ ᠲᠤᠬᠠᠶ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠲᠦᠷᠦ ᠶᠢᠨ ᠪᠤᠳᠤᠯᠭ᠎ᠠ ᠪᠠ | ᠰᠠᠨᠠᠭᠠᠴᠢᠯᠠᠭ᠎ᠠ ᠶᠢ ᠢᠳᠡᠪᠬᠢᠲᠡᠶ ᠲᠠᠭᠠᠵᠦ᠂ ᠪᠦᠬᠦ ᠠᠷᠠᠳ ᠢᠷᠭᠡᠳ ᠤᠨ ᠤᠰᠤ ᠶᠢ ᠠᠷᠪᠢᠯᠠᠵᠤ ᠤᠰᠤ ᠶᠢ ᠬᠠᠮᠠᠭᠠᠯᠠᠬᠤ ᠠᠵᠢᠯᠯᠠᠭᠠᠨ ᠤ ᠬᠦᠴᠦᠯᠡᠴᠡ ᠶᠢ ᠦᠨᠡᠨᠬᠦ | ᠴᠢᠩᠭᠠᠳᠬᠠᠪᠠ᠃ | | | | ᠣᠶᠢᠯᠠᠭᠠᠭᠰᠠᠨ ᠢᠶᠠᠷ᠂ ᠠᠵᠢᠯᠯᠠᠭᠠᠨ ᠤ ᠭᠠᠷᠠᠭ ᠤᠨ ᠬᠤᠭᠤᠴᠠᠭᠠᠨ ᠳᠤ ᠂ ᠡᠷᠭᠦᠨ᠎ᠡ ᠬᠤᠲᠠ ᠤᠰᠤ ᠶᠢ ᠠᠷᠪᠢᠯᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠣᠨ ᠤ ᠤᠰᠤ ᠶᠢ ᠠᠷᠪᠢᠯᠠᠬᠤ ᠲᠥᠯᠥᠪᠯᠡᠭᠡ ᠶᠢ ᠲᠤᠭᠲᠠᠭᠠᠨ᠎ᠠ᠃ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠂ ᠺᠠᠳ᠋ᠷ ᠠᠵᠢᠯᠲᠠᠨ | ᠠᠵᠢᠯᠴᠢᠨ ᠪᠠ ᠥᠷᠭᠡᠨ ᠣᠯᠠᠨ ᠬᠤᠲᠠ ᠶᠢᠨ ᠠᠷᠠᠳ ᠤᠨ ᠤᠰᠤ ᠶᠢ ᠠᠷᠪᠢᠯᠠᠬᠤ ᠢᠳᠡᠪᠬᠢᠵᠢᠯ ᠢ ᠳᠠᠶᠢᠴᠢᠯᠠᠨ᠎ᠠ᠃ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠠᠶᠢᠭᠤᠯᠵᠤ᠂ ︽ᠣᠯᠠᠨ ᠨᠡᠶᠢᠲᠡ ᠶᠢᠨ ᠪᠠᠶᠢᠭᠤᠯᠭ᠎ᠠ ᠶᠢᠨ ᠤᠰᠤ ᠶᠢ ᠠᠷᠪᠢᠯᠠᠬᠤ ᠬᠠᠮᠢᠶᠠᠷᠤᠯᠲᠠ ᠶᠢᠨ ᠠᠷᠭ᠎ᠠ︾ ᠶᠢ ᠨᠠᠶᠢᠳᠠᠪᠤᠷᠢᠵᠢᠭᠤᠯᠤᠨ᠂ | ᠲᠥᠷᠥ ᠶᠢᠨ ᠪᠣᠳᠣᠯᠭ᠎ᠠ ᠪᠠᠷ ᠤᠷᠮᠠᠰᠢᠭᠤᠯᠬᠤ ᠪᠠ ᠪᠦᠬᠦ ᠨᠡᠶᠢᠭᠡᠮ ᠢ ᠳᠠᠶᠢᠴᠢᠯᠠᠬᠤ ᠶᠢ ᠤᠶᠠᠯᠳᠤᠭᠤᠯᠬᠤ ᠪᠠᠷ ᠳᠠᠮᠵᠢᠭᠤᠯᠤᠨ᠂ ᠤᠰᠤᠨ ᠤ ᠡᠬᠢ ᠪᠠᠶᠠᠯᠢᠭ ᠢ | ᠦᠷᠭᠦᠯᠵᠢᠯᠡᠨ ᠠᠰᠢᠭᠯᠠᠬᠤ ᠰᠢᠰᠲ᠋ᠧᠮ ᠢ ᠪᠠᠶᠢᠭᠤᠯᠤᠨ᠎ᠠ᠃ |