3 ᠰᠠᠷ᠎ᠠ ᠶᠢᠨ 21 ᠤ ᠡᠳᠦᠷ᠂ ᠰᠤᠷᠪᠤᠯᠵᠢᠯᠠᠭᠴᠢ ᠬᠥᠬᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠬᠥᠬᠡᠬᠤᠲᠠ ᠶᠢᠨ | ᠬᠢᠨ ᠠᠯᠢ ᠣᠯᠠᠨ ᠨᠥᠬᠦᠪᠦᠷᠢ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠠᠵᠤ ᠠᠬᠤᠢ ᠨᠢ ᠬᠦᠴᠢᠷᠳᠡᠯ ᠲᠠᠢ ᠪᠥᠭᠡᠳ ᠴᠢᠳᠠᠪᠤᠷᠢ ᠪᠠᠨ ᠠᠯᠳᠠᠭᠰᠠᠨ ᠨᠥᠬᠦᠴᠡᠯ ᠳᠤ | ᠨᠡᠶᠢᠴᠡᠬᠦ ᠨᠠᠰᠤᠲᠠᠶᠢᠴᠤᠳ ᠤᠨ ᠭᠡᠷ ᠪᠦᠯᠢ ᠳᠤ ᠠᠰᠢᠭ ᠲᠤᠰᠠ ᠬᠦᠷᠲᠡᠭᠡᠬᠦ ᠪᠠᠷ ᠪᠠᠶᠢᠨ᠎ᠠ᠃ ᠡᠭᠦᠨ ᠤ ᠬᠠᠮᠲᠤ᠂ ᠡᠳᠡᠭᠡᠷ ᠨᠠᠰᠤᠲᠠᠶᠢᠴᠤᠳ ᠢ ᠭᠥᠯᠢᠶᠡᠨ ᠠᠪᠴᠤ | ᠰᠠᠭᠤᠯᠭᠠᠭᠰᠠᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠴᠤ ᠵᠣᠬᠢᠴᠠᠩᠭᠤᠢ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃ | ᠲᠣᠰ ᠲᠥᠷᠥ ᠶᠢᠨ ᠪᠣᠳᠣᠯᠭ᠎ᠠ ᠶᠢᠨ ᠦᠢᠯᠡᠴᠢᠯᠡᠬᠦ ᠬᠡᠪᠴᠢᠶ᠎ᠡ ᠨᠢ ᠨᠢᠭᠡᠨᠲᠡ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ | ᠣᠷᠣᠭᠤᠯᠤᠭᠰᠠᠨ ᠪᠥᠭᠡᠳ ︽ᠨᠠᠰᠤᠲᠠᠶᠢᠴᠤᠳ ᠤᠨ ᠴᠢᠳᠠᠪᠤᠷᠢ ᠶᠢ ᠦᠨᠡᠯᠡᠨ ᠵᠢᠱᠢᠬᠦ ᠵᠢᠷᠤᠮᠵᠢᠯ︾ ︵GB/T42195 ︱ 2022︶ ᠤᠨ ᠶᠣᠰᠣᠭᠠᠷ | ᠴᠢᠳᠠᠪᠤᠷᠢ ᠪᠠᠨ ᠨᠡᠯᠢᠶᠡᠳ ᠠᠯᠳᠠᠭᠰᠠᠨ᠂ ᠴᠢᠳᠠᠪᠤᠷᠢ ᠪᠠᠨ ᠰᠦᠷᠬᠡᠢ ᠠᠯᠳᠠᠭᠰᠠᠨ᠂ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠨᠠᠰᠤᠲᠠᠨ ᠪᠠ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠬᠥᠮᠥᠰ ᠤᠨ ᠳᠣᠲᠣᠷᠠᠬᠢ ᠥᠨᠳᠥᠷ ᠨᠠᠰᠤᠲᠠᠢ ᠨᠠᠰᠤᠲᠠᠨ ︵ᠪᠦᠬᠦᠯᠢ 80 ᠨᠠᠰᠤ ᠵᠢᠴᠢ 80 ᠨᠠᠰᠤᠨ ᠠᠴᠠ ᠳᠡᠭᠡᠭᠰᠢᠬᠢ ᠨᠠᠰᠤᠲᠠᠨ︶ ᠢᠶᠠᠷ | ᠦᠨᠡᠯᠡᠨ ᠵᠢᠱᠢᠭᠰᠡᠨ ᠪᠥᠭᠡᠳ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠰᠠᠶᠢᠨ ᠳᠤᠷ᠎ᠠ ᠠᠴᠠ ᠪᠠᠨ ᠣᠷᠣᠵᠤ ᠰᠠᠭᠤᠭᠰᠠᠨ ᠪᠠᠶᠢᠬᠤ ᠶᠢ ᠪᠠᠭᠲᠠᠭᠠᠨ᠎ᠠ᠃ | ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠭᠠᠵᠠᠷ ᠣᠷᠣᠨ ᠤ ᠳᠠᠭᠠᠳᠬᠠᠯ ᠳᠤ ᠣᠷᠣᠯᠴᠠᠭᠴᠢ | ᠰᠠᠭᠤᠷᠢ ᠮᠥᠩᠭᠦ ᠪᠠᠷ ᠳᠠᠮᠵᠢᠭᠤᠯᠤᠨ ᠦᠨᠳᠦᠰᠦᠨ ᠰᠤᠪᠢᠯᠠᠯᠲᠠ ᠶᠢᠨ ᠦᠢᠯᠡᠴᠢᠯᠡᠭᠡᠨ ᠤ ᠵᠠᠷᠤᠳᠠᠯ ᠢ ᠨᠢᠭᠡᠨᠲᠡ ᠲᠥᠯᠥᠭᠰᠡᠨ ᠪᠠᠶᠢᠪᠠᠯ᠂ ᠠᠪᠤᠷᠠᠨ ᠲᠤᠰᠠᠯᠠᠬᠤ | ᠬᠡᠪᠴᠢᠶᠡᠨ ᠳᠤ ᠣᠷᠣᠭᠤᠯᠬᠤ ᠦᠭᠡᠢ᠃ ᠪᠣᠳᠠᠲᠠᠢ ᠦᠢᠯᠡᠴᠢᠯᠡᠭᠡ ᠪᠠ ᠨᠥᠬᠦᠪᠦᠷᠢ ᠶᠢᠨ ᠪᠠᠷᠢᠮᠵᠢᠶ᠎ᠠ ᠨᠢ ᠄ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠣᠷᠣᠵᠤ | ᠰᠠᠭᠤᠭᠰᠠᠨ ᠪᠣᠳᠠᠲᠠᠢ ᠣᠷᠣ ᠶᠢᠨ ᠵᠠᠷᠤᠳᠠᠯ᠂ ᠬᠤᠭᠤᠯᠠᠨ ᠤ ᠵᠠᠷᠤᠳᠠᠯ᠂ ᠠᠰᠠᠷᠠᠨ ᠰᠤᠪᠢᠯᠠᠬᠤ ᠵᠠᠷᠤᠳᠠᠯ ᠵᠡᠷᠭᠡ ᠵᠠᠷᠤᠳᠠᠯ ᠤᠨ ᠨᠡᠶᠢᠯᠡᠪᠦᠷᠢ ᠠᠴᠠ ᠨᠠᠰᠤᠲᠠᠶᠢᠴᠤᠳ ᠤᠨ | ᠨᠢᠭᠡᠨᠲᠡ ᠣᠯᠣᠭᠰᠠᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠮᠥᠩᠭᠦ᠂ ᠠᠮᠢᠳᠤᠷᠠᠯ ᠢᠶᠠᠨ ᠥᠪᠡᠷ ᠢᠶᠠᠨ ᠠᠷᠭᠠᠴᠠᠭᠠᠵᠤ ᠳᠡᠶᠢᠯᠬᠦ ᠦᠭᠡᠢ ᠠᠵᠤ | ᠠᠬᠤᠢ ᠶᠢᠨ ᠬᠦᠴᠢᠷᠳᠡᠯ ᠲᠠᠢ ᠨᠠᠰᠤᠲᠠᠶᠢᠴᠤᠳ ᠢ ᠠᠰᠠᠷᠠᠨ ᠰᠤᠪᠢᠯᠠᠬᠤ ᠨᠥᠬᠦᠪᠦᠷᠢ᠂ ᠠᠵᠤ ᠠᠬᠤᠢ ᠶᠢᠨ ᠬᠦᠴᠢᠷᠳᠡᠯ ᠲᠠᠢ ᠨᠠᠰᠤᠲᠠᠶᠢᠴᠤᠳ ᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠨᠥᠬᠦᠪᠦᠷᠢ᠂ ᠵᠡᠮᠳᠡᠭᠴᠦᠳ ᠤᠨ ︽ᠬᠤᠶᠠᠷ ᠵᠦᠢᠯ ᠤᠨ ᠨᠥᠬᠦᠪᠦᠷᠢ︾᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ | ᠣᠷᠣᠵᠤ ᠰᠠᠭᠤᠭᠰᠠᠨ ᠨᠠᠰᠤᠲᠠᠶᠢᠴᠤᠳ ᠤᠨ ᠦᠢᠯᠡᠴᠢᠯᠡᠭᠡᠨ ᠤ ᠨᠥᠬᠦᠪᠦᠷᠢ ᠵᠡᠷᠭᠡ ᠵᠠᠰᠠᠭ ᠵᠠᠬᠢᠷᠭᠠᠨ ᠤ ᠤᠯᠭᠤᠭᠰᠠᠨ ᠪᠡᠯᠡ ᠮᠥᠩᠭᠦ ᠶᠢ ᠬᠠᠰᠤᠭᠰᠠᠨ ᠤ ᠳᠠᠷᠠᠭᠠᠬᠢ | ᠵᠥᠷᠢᠶ᠎ᠡ ᠲᠤᠭ᠎ᠠ ᠶᠢ ᠬᠠᠰᠤᠨ᠎ᠠ᠃ ᠵᠠᠷᠴᠢᠮ ᠳᠡᠭᠡᠷ᠎ᠡ ᠪᠠᠨ᠂ ᠠᠵᠤ ᠠᠬᠤᠢ ᠶᠢᠨ ᠬᠦᠴᠢᠷᠳᠡᠯ ᠲᠠᠢ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠵᠡᠷᠭᠡ ᠬᠦᠮᠤᠰ ᠢ | ᠲᠥᠪᠯᠡᠷᠡᠭᠦᠯᠦᠨ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠪᠠᠷᠢᠮᠵᠢᠶ᠎ᠠ ᠶᠢ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠪᠠᠶᠢᠭ᠎ᠠ ᠭᠠᠵᠠᠷ ᠤᠨ ᠣᠨᠴᠠ | ᠬᠦᠴᠢᠷᠳᠡᠯ ᠲᠠᠢ ᠬᠥᠮᠥᠰ ᠤᠨ ᠦᠨᠳᠦᠰᠦᠨ ᠠᠮᠢᠳᠤᠷᠠᠯ ᠤᠨ ᠪᠠᠷᠢᠮᠵᠢᠶ᠎ᠠ ᠪᠠ ᠪᠦᠷᠢᠨ ᠠᠰᠠᠷᠠᠨ ᠬᠠᠷᠠᠭᠠᠯᠵᠠᠬᠤ ᠪᠠᠷᠢᠮᠵᠢᠶ᠎ᠠ ᠶᠢᠨ ᠶᠡᠷᠦᠩᠬᠡᠢ ᠲᠤᠭ᠎ᠠ ᠠᠴᠠ | ᠬᠡᠲᠦᠷᠡᠭᠦᠯᠵᠦ ᠪᠣᠯᠬᠤ ᠦᠭᠡᠢ᠃ |