ᠰᠠᠨ ᠾᠧ ᠤᠨ ᠬᠤᠲᠣᠩ ᠦᠨᠳᠦᠰᠦᠲᠡᠨ ᠤ ᠰᠢᠶᠠᠩ ᠤᠨ ᠰᠢᠩ ᠺᠧᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠷᠲᠡᠭᠡ ᠤᠬᠠᠭᠤᠯᠬᠤ ᠠᠵᠢᠯᠯᠠᠭ᠎ᠠ ᠥᠷᠨᠢᠭᠦᠯᠪᠡ  
ᠨᠡᠶᠢᠲᠡᠯᠡᠭᠰᠡᠨ ᠴᠠᠭ᠄
2025/3/25
     ᠰᠠᠭᠤᠭᠠᠯᠢ ᠠᠷᠠᠳ ᠤᠨ ᠤᠰᠤ ᠶᠢ ᠠᠷᠪᠢᠯᠠᠬᠤ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠭᠤᠴᠢᠨ ᠭᠤᠷᠪᠠᠳᠤᠭᠠᠷ ᠬᠤᠭᠤᠴᠠᠭᠠᠨ ᠤ ︽ᠳᠡᠯᠡᠬᠡᠶ ᠶᠢᠨ ᠤᠰᠤᠨ ᠤ ᠡᠳᠦᠷ︾ ᠬᠦᠷᠴᠦ ᠢᠷᠡᠬᠦ ᠲᠠᠰᠢᠷᠠᠮ ᠢᠶᠠᠷ᠂ 3 ᠰᠠᠷ᠎ᠠ ᠶᠢᠨ 19 ᠤ ᠡᠳᠦᠷ᠂ ᠰᠠᠨ ᠾᠧ ᠤᠨ ᠬᠤᠲᠣᠩ ᠦᠨᠳᠦᠰᠦᠲᠡᠨ ᠤ ᠰᠢᠶᠠᠩ ᠤᠨ ᠰᠢᠩ ᠺᠧᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠷᠲᠡᠭᠡ ︽ᠤᠰᠤᠨ ᠤ ᠡᠬᠢ ᠪᠠᠶᠠᠯᠢᠭ ᠢ ᠡᠷᠬᠢᠮᠯᠡᠨ ᠂ ᠤᠰᠤᠨ ᠤ ᠣᠷᠴᠢᠨ ᠲᠣᠭᠤᠷᠢᠨ ᠢ ᠬᠠᠮᠠᠭᠠᠯᠠᠬᠤ︾ ᠭᠡᠬᠦ ᠭᠤᠤᠯ ᠰᠡᠳᠦᠪᠲᠦ ᠤᠬᠠᠭᠤᠯᠬᠤ ᠠᠵᠢᠯᠯᠠᠭ᠎ᠠ ᠥᠷᠨᠢᠭᠦᠯᠪᠡ ᠃
        三河1_副本.jpg
     ᠲᠤᠬᠠᠢ ᠶᠢᠨ ᠲᠠᠯᠠᠪᠤᠷ ᠲᠤ᠂ ᠨᠡᠶᠢᠭᠡᠮ ᠲᠣᠭᠤᠷᠢᠭ ᠤᠨ ᠠᠵᠢᠯᠲᠠᠳ ᠰᠠᠭᠤᠭᠠᠯᠢ ᠠᠷᠠᠳ ᠲᠤ ᠤᠬᠠᠭᠤᠯᠬᠤ ᠬᠠᠭᠤᠳᠠᠰᠤ ᠲᠠᠷᠬᠠᠭᠠᠨ᠂ ᠤᠰᠤᠨ ᠤ ᠡᠬᠢ ᠪᠠᠶᠠᠯᠢᠭ ᠤᠨ ᠣᠳᠣᠬᠢ ᠪᠠᠶᠢᠳᠠᠯ᠂ ᠤᠰᠤ ᠶᠢ ᠠᠷᠪᠢᠯᠠᠬᠤ ᠠᠷᠭ᠎ᠠ ᠳᠡᠮ ᠢ ᠵᠢᠭᠠᠵᠤ ᠦᠭᠴᠡᠢ᠃ ᠡᠭᠦᠨ ᠤ ᠬᠠᠮᠲᠤ᠂ ᠪᠣᠳᠠᠲᠤ ᠵᠢᠱᠢᠶ᠎ᠡ ᠲᠠᠢ ᠤᠶᠠᠯᠳᠤᠭᠤᠯᠤᠨ ᠂ ᠠᠮᠢ ᠠᠬᠤᠶ ᠶᠢᠨ ᠣᠷᠴᠢᠨ ᠲᠤᠭᠤᠷᠢᠨ ᠤ ᠬᠠᠮᠠᠭᠠᠯᠠᠯᠲᠠ ᠪᠠ ᠦᠷᠭᠦᠯᠵᠢᠯᠡᠬᠦᠶᠢᠴᠡ ᠬᠥᠭᠵᠢᠯᠲᠡ ᠳᠤ ᠤᠰᠤ ᠶᠢ ᠠᠷᠪᠢᠯᠠᠬᠤ ᠶᠢᠨ ᠴᠢᠬᠤᠯᠠ ᠠᠴᠢ ᠬᠤᠯᠪᠣᠭᠳᠠᠯ ᠢ ᠲᠣᠳᠣᠷᠬᠠᠶᠢᠯᠠᠨ᠂ ᠤᠰᠤ ᠶᠢ ᠠᠷᠪᠢᠯᠠᠬᠤ ᠠᠵᠢᠯᠯᠠᠭ᠎ᠠ ᠶᠢ ᠳᠠᠷᠤᠢ ᠲᠦᠷᠭᠡᠨ ᠦᠷᠨᠢᠭᠦᠯᠬᠦ ᠶᠢᠨ ᠪᠠᠴᠢᠮ ᠴᠢᠨᠠᠷ᠂ ᠲᠤᠯᠭᠠᠮ᠎ᠠ ᠴᠢᠨᠠᠷ ᠢ ᠰᠠᠭᠤᠭᠠᠯᠢ ᠠᠷᠠᠳ ᠲᠤ ᠭᠦᠨᠵᠡᠭᠡᠶ ᠲᠠᠨᠢᠭᠤᠯᠪᠠ᠃ ᠬᠤᠶᠢᠰᠢᠳᠠ ᠂  ᠮᠠᠨ ᠤ ᠰᠢᠶᠠᠩ ᠤᠨ ᠰᠠᠭᠤᠭᠠᠯᠢ ᠠᠷᠠᠳ ᠤᠰᠤ ᠶᠢ ᠠᠷᠪᠢᠯᠠᠨ ᠬᠡᠷᠡᠭᠯᠡᠬᠦ ᠶᠢ ᠨᠠᠩ ᠴᠢᠬᠤᠯᠠᠴᠢᠯᠠᠬᠤ ᠨᠢ ᠯᠠᠪᠲᠠᠶ ᠶᠤᠮ᠃
       三河2_副本.jpg
    ᠲᠣᠰ ᠤᠳᠠᠭᠠᠨ ᠤ ᠳᠡᠯᠡᠬᠡᠶ ᠶᠢᠨ ᠤᠰᠤᠨ ᠤ ᠡᠳᠦᠷ ᠤᠨ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠤᠰᠤᠨ ᠤ ᠡᠬᠢ ᠪᠠᠶᠠᠯᠢᠭ ᠢ ᠬᠠᠮᠠᠭᠠᠯᠠᠬᠤ ᠲᠤᠬᠠᠶ ᠲᠠᠨᠢᠯᠲᠠ ᠶᠢ ᠪᠦᠲᠦᠮᠵᠢᠲᠡᠶ ᠳᠡᠭᠡᠭᠰᠢᠯᠡᠭᠦᠯᠵᠦ᠂ ᠣᠯᠠᠨ ᠤ ᠤᠰᠤ ᠶᠢ ᠠᠷᠪᠢᠯᠠᠨ ᠬᠡᠷᠡᠭᠯᠡᠬᠦ᠂ ᠣᠷᠴᠢᠨ ᠲᠤᠭᠤᠷᠢᠨ ᠢ ᠬᠠᠮᠠᠭᠠᠯᠠᠬᠤ ᠬᠠᠷᠢᠭᠤᠴᠠᠯᠭᠠᠲᠤ ᠰᠡᠳᠭᠢᠯ ᠢ ᠴᠢᠩᠭᠠᠳᠬᠠᠨ᠂ ᠤᠰᠤ ᠶᠢ ᠠᠷᠪᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃ ᠬᠤᠵᠢᠮ᠂ ᠰᠠᠨ ᠾᠧ ᠤᠨ ᠬᠤᠲᠣᠩ ᠦᠨᠳᠦᠰᠦᠲᠡᠨ ᠤ ᠰᠢᠶᠠᠩ ᠤᠨ ᠰᠢᠩ ᠺᠧᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠷᠲᠡᠭᠡ ᠡᠯ᠎ᠡ ᠲᠦᠷᠦᠯ ᠤᠨ ᠣᠷᠴᠢᠨ ᠲᠣᠭᠤᠷᠢᠨ ᠢ ᠬᠠᠮᠠᠭᠠᠯᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠣᠬᠢᠷᠲᠤᠯ ᠦᠬᠡᠢ᠂ ᠡᠶ᠎ᠡ ᠵᠣᠬᠢᠴᠠᠩᠭᠤᠢ ᠨᠡᠶᠢᠭᠡᠮ ᠲᠣᠭᠤᠷᠢᠭ ᠢ ᠪᠦᠳᠦᠬᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠢ ᠃
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ