ᠨᠢᠭᠤᠴᠠ ᠶᠢ ᠬᠠᠮᠠᠭᠠᠯᠠᠬᠤ ᠠᠵᠢᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠤᠯᠤᠰ ᠤᠨ ᠨᠢᠭᠤᠴᠠ ᠶᠢᠨ ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠺᠠᠳ᠋ᠷ ᠠᠵᠢᠯᠲᠠᠨ ᠤ ᠨᠢᠭᠤᠴᠠ ᠶᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ | 25 ᠤ ᠡᠳᠦᠷ ᠤᠨ ᠦᠳᠡ ᠶᠢᠨ ᠡᠮᠦᠨ᠎ᠡ᠂ ᠡᠩᠬᠡ ᠬᠠᠳᠠ ᠪᠠᠯᠭᠠᠰᠤᠨ ᠤ ᠨᠠᠮ ᠤᠨ ᠬᠤᠷᠢᠶ᠎ᠠ 2025 ᠣᠨ ᠤ ᠨᠢᠭᠤᠴᠠ ᠶᠢ ᠬᠠᠮᠠᠭᠠᠯᠠᠬᠤ ᠠᠵᠢᠯ ᠤᠨ | ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠲᠤᠰ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠳ᠋ᠧᠩ ᠴᠢᠩ | ᠾᠦᠢ ᠡᠷᠭᠢᠯᠡᠵᠦ᠂ ᠤᠳᠤᠷᠢᠳᠬᠤ ᠪᠠᠭ ᠤᠨ ᠪᠦᠷᠢᠯᠳᠦᠬᠦᠨ ᠨᠡᠷ ᠬᠤᠷᠠᠯ ᠳᠤ ᠣᠷᠣᠯᠴᠠᠵᠠᠶ᠃ | | | | ᠬᠤᠷᠠᠯ ᠠᠴᠠ ᠲᠠᠷᠠᠭᠠᠴᠢ ᠶᠢᠨ ᠠᠯᠬᠤᠮ ᠤᠨ ᠨᠢᠭᠤᠴᠠ ᠶᠢ ᠬᠠᠮᠠᠭᠠᠯᠠᠬᠤ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠵᠤ᠂ ᠨᠢᠭᠤᠴᠠ ᠶᠢ | ᠬᠠᠮᠠᠭᠠᠯᠠᠬᠤ ᠠᠵᠢᠯ ᠢ ᠲᠠᠬᠢᠨ ᠲᠤᠬᠢᠷᠠᠭᠤᠯᠤᠨ᠂ ᠨᠢᠭᠤᠴᠠ ᠶᠢ ᠬᠠᠮᠠᠭᠠᠯᠠᠬᠤ ᠰᠠᠬᠢᠯᠭ᠎ᠠ ᠪᠠᠲᠤ ᠶᠢ ᠲᠠᠬᠢᠨ ᠴᠢᠬᠤᠯᠠᠴᠢᠯᠠᠵᠤ᠂ ᠨᠢᠭᠤᠴᠠ ᠶᠢ ᠬᠠᠮᠠᠭᠠᠯᠠᠬᠤ | ᠲᠣᠭᠲᠠᠭᠠᠯ ᠢ ᠲᠠᠬᠢᠨ ᠰᠤᠷᠤᠯᠴᠠᠪᠠ᠃ |