ᠾᠸᠢ ᠱᠠᠨ ᠳᠧᠦ ᠪᠠᠯᠭᠠᠰᠤ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/25
    ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ᠂ ᠡᠷᠭᠦᠨ᠎ᠡ ᠬᠤᠲᠠ ᠶᠢᠨ ᠨᠠᠮ ᠤᠨ ᠬᠤᠷᠢᠶᠠᠨ ᠤ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢᠨ ᠲᠤᠬᠠᠶ ᠰᠤᠷᠤᠯᠴᠠᠯᠭ᠎ᠠ ᠬᠥᠮᠦᠵᠢᠯ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠪᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 3 ᠰᠠᠷ᠎ᠠ ᠶᠢᠨ 21 ᠤ ᠡᠳᠦᠷ᠂ ᠾᠸᠢ ᠱᠠᠨ ᠳᠧᠦ ᠪᠠᠯᠭᠠᠰᠤ ᠰᠤᠷᠤᠯᠴᠠᠯᠭ᠎ᠠ ᠬᠥᠮᠦᠵᠢᠯ ᠤᠨ ᠲᠠᠶᠢᠴᠢᠯᠠᠯᠳᠠ  ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠵᠤ᠂ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠨᠠᠮ ᠤᠨ ᠡᠭᠦᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
        黑山头2.jpg
     ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠭᠡᠰᠢᠭᠦᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ᠂ ᠡᠷᠭᠦᠨ᠎ᠡ ᠬᠤᠲᠠ ᠶᠢᠨ ᠨᠠᠮ ᠤᠨ ᠬᠤᠷᠢᠶᠠᠨ ᠤ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠲᠤᠬᠠᠶ ᠰᠤᠷᠤᠯᠴᠠᠯᠭ᠎ᠠ ᠬᠥᠮᠦᠵᠢᠯ ᠤᠨ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠪᠠ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠪᠠ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠮᠥᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠬᠦ᠂ ᠰᠤᠷᠲᠠᠯ ᠤᠨ ᠪᠠᠶᠢᠭᠤᠯᠤᠯᠲᠠ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ ᠭᠡᠵᠦ ᠵᠢᠭᠠᠵᠤ ᠭᠠᠷᠭᠠᠪᠠ ᠃ ᠡᠨᠡ ᠨᠢ ᠨᠠᠮ ᠤᠨ ᠲᠥᠪ ᠬᠤᠷᠢᠶᠠᠨ ᠤ ᠰᠤᠷᠲᠠᠯ ᠤᠨ ᠪᠠᠶᠢᠭᠤᠯᠤᠯᠲᠠ ᠶᠢ ᠠᠬᠢᠭᠤᠯᠬᠤ ᠡᠷᠡᠰ ᠪᠠᠲᠤ ᠵᠣᠷᠢᠭ ᠢ ᠢᠯᠡᠷᠡᠭᠦᠯᠵᠡᠢ᠃    ᠪᠦᠬᠦ ᠨᠠᠮ ᠤᠨ ᠭᠡᠰᠢᠭᠦᠨ ᠺᠠᠳ᠋ᠷ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠳᠡᠭᠡᠳᠦ ᠱᠠᠲᠤᠨ ᠤ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠠᠵᠢᠯᠯᠠᠭᠠᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠲᠥᠪᠯᠡᠷᠡᠭᠦᠯᠦᠨ ᠰᠤᠷᠤᠯᠴᠠᠬᠤ᠂ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠬᠤ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ᠂ ᠰᠡᠷᠡᠮᠵᠢᠯᠡᠭᠦᠯᠬᠦ ᠬᠥᠮᠦᠵᠢᠯ ᠵᠡᠷᠭᠡ ᠤᠯᠠᠨ ᠵᠦᠢᠯ ᠤᠨ ᠬᠡᠯᠪᠡᠷᠢ ᠪᠠᠷ ᠳᠠᠮᠵᠢᠭᠤᠯᠵᠤ᠂ ᠰᠤᠷᠤᠯᠴᠠᠯᠭ᠎ᠠ ᠬᠥᠮᠦᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ