ᠰᠧᠨ ᠶᠤᠸᠠᠨ ᠺᠣᠮᠫᠠᠨᠢ ᠬᠥᠯᠥᠨ ᠪᠤᠶᠢᠷ ᠤᠨ ᠪᠥᠬᠦ ᠬᠦᠷᠢᠶ᠎ᠡ ᠴᠠᠷᠠᠭᠠᠨ ᠤ ᠵᠢᠭᠤᠯᠴᠢᠯᠠᠯ ᠤᠨ ᠪᠦᠲᠦᠭᠡᠭᠳᠡᠬᠦᠨ ᠢ ᠨᠡᠶᠢᠲᠡᠯᠡᠬᠦ ᠬᠤᠷᠠᠯ ︵ᠬᠠᠷᠪᠢᠨ ᠥᠷᠲᠡᠭᠡ︶ ᠳᠤ ᠤᠷᠤᠯᠴᠠᠪᠠ
ᠨᠡᠶᠢᠲᠡᠯᠡᠭᠰᠡᠨ ᠴᠠᠭ᠄
2025/3/26
            森源1.jpg
      3 ᠰᠠᠷ᠎ᠠ ᠶᠢᠨ 24 ᠤ ᠡᠳᠦᠷ᠂ ᠬᠥᠯᠥᠨ ᠪᠤᠶᠢᠷ ᠤᠨ ᠵᠢᠭᠤᠯᠴᠢᠯᠠᠯ ᠤᠨ ᠪᠦᠯᠦᠭᠯᠡᠯ ᠠᠴᠠ ᠭᠤᠤᠯᠯᠠᠨ ᠡᠷᠭᠢᠯᠡᠭᠰᠡᠨ ᠳᠣᠯᠣᠳᠤᠭᠠᠷ ᠬᠤᠭᠤᠴᠠᠭᠠᠨ ᠤ ᠬᠥᠯᠥᠨ ᠪᠤᠶᠢᠷ ᠤᠨ ᠪᠥᠬᠦ ᠬᠦᠷᠢᠶ᠎ᠡ ᠴᠠᠷᠠᠭᠠᠨ ᠤ ᠵᠢᠭᠤᠯᠴᠢᠯᠠᠯ ᠤᠨ ᠪᠦᠲᠦᠭᠡᠭᠳᠡᠬᠦᠨ ᠢ ᠨᠡᠶᠢᠲᠡᠯᠡᠬᠦ ᠬᠤᠷᠠᠯ ᠬᠠᠷᠪᠢᠨ ᠤ ᠸᠠᠨ ᠳ᠋ᠠ ᠰᠣᠶᠣᠯ ᠤᠨ ᠪᠠᠭᠤᠳᠠᠯ ᠳᠤ ᠦᠪᠡᠳᠡᠭᠰᠢ ᠶᠡᠭᠡ ᠪᠠᠷ ᠡᠬᠢᠯᠡᠪᠡ᠃ ᠡᠷᠭᠦᠨ᠎ᠡ ᠬᠤᠳᠠ ᠶᠢᠨ ᠰᠧᠨ ᠶᠤᠸᠠᠨ ᠺᠣᠮᠫᠠᠨᠢ ᠦᠪᠡᠷ ᠤᠨ ᠬᠠᠮᠢᠶᠠᠷᠴᠤ ᠪᠠᠶᠢᠭ᠎ᠠ ᠽᠢ ᠰᠢᠩ ᠤᠢ ᠰᠢᠭᠤᠢ ᠶᠢᠨ ᠡᠷᠡᠭᠦᠯᠵᠢᠯ  ᠤᠨ ᠠᠮᠠᠷᠠᠯᠲᠠ ᠶᠢᠨ ᠤᠷᠤᠨ ᠤ ᠸᠠᠩ ᠵᠢᠶᠠᠨ · ᠯᠢᠨ ᠶᠤᠸᠠᠢ ᠪᠠᠭᠤᠳᠠᠯ ᠵᠢᠴᠢ ᠴᠠᠭᠠᠨ ᠬᠤᠰᠤ ᠶᠡᠭᠡ ᠪᠠᠭᠤᠳᠠᠯ ᠤᠨ ᠲᠦᠷᠦᠯ ᠵᠦᠢᠯ ᠢ ᠠᠪᠴᠤ᠂ ᠬᠠᠷᠠᠮᠥ᠋ᠷᠡᠨ ᠤ 300 ᠰᠢᠬᠠᠮ ᠵᠤᠭᠠᠴᠠᠯ ᠤᠨ ᠭᠠᠵᠠᠷ ᠵᠢᠴᠢ ᠵᠤᠭᠠᠴᠠᠯ ᠤᠨ ᠠᠵᠤ ᠠᠬᠤᠶᠢᠯᠠᠯ ᠳᠤ 2025 ᠣᠨ ᠤ ᠪᠠᠭᠤᠳᠠᠯ ᠤᠨ ᠤᠨᠴᠠᠯᠢᠭᠳᠤ ᠪᠦᠲᠦᠭᠡᠭᠳᠡᠬᠦᠨ ᠢᠶᠠᠨ ᠲᠠᠨᠢᠯᠴᠠᠭᠤᠯᠪᠠ᠃
          森源2.jpg
     ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ᠂ ᠰᠧᠨ ᠶᠤᠸᠠᠨ ᠺᠣᠮᠫᠠᠨᠢ ᠶᠢᠨ ᠲᠠᠨᠢᠯᠴᠠᠭᠤᠯᠤᠭᠴᠢ ᠦᠪᠡᠷ ᠤᠨ ᠭᠤᠤᠯ ᠪᠣᠯᠬᠤ ᠰᠣᠶᠣᠯ ᠵᠢᠭᠤᠯᠴᠢᠯᠠᠯ ᠤᠨ ᠲᠦᠷᠦᠯ ᠵᠦᠢᠯ ᠽᠢ ᠰᠢᠩ ᠤᠢ ᠰᠢᠭᠤᠢ ᠶᠢᠨ ᠡᠷᠡᠭᠦᠯᠵᠢᠯ  ᠤᠨ ᠠᠮᠠᠷᠠᠯᠲᠠ ᠶᠢᠨ ᠤᠷᠤᠨ ᠤ ᠸᠠᠩ ᠵᠢᠶᠠᠨ · ᠯᠢᠨ ᠶᠤᠸᠠᠢ ᠪᠠᠭᠤᠳᠠᠯ  ᠢ ᠨᠠᠷᠢᠨ ᠲᠠᠨᠢᠯᠴᠠᠭᠤᠯᠬᠤ ᠶᠢᠨ ᠬᠠᠮᠲᠤ ᠬᠤᠶᠠᠷ ᠵᠣᠴᠢᠳ ᠤᠨ ᠪᠠᠭᠤᠳᠠᠯ ᠤᠨ ᠵᠣᠨ ᠤ ᠤᠯᠠᠷᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠪᠡ᠃
         森源3.jpg
     ᠡᠨᠡ ᠤᠳᠠᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠡ ᠨᠢ ᠮᠠᠨ ᠤ ᠺᠣᠮᠫᠠᠨᠢ ᠳᠤ ᠨᠡᠩ ᠤᠯᠠᠨ ᠬᠠᠮᠲᠤᠷᠠᠯᠴᠠᠭᠠᠨ ᠤ ᠠᠵᠠ ᠲᠣᠬᠢᠶᠠᠯ ᠤᠯᠭᠤᠪᠠ᠃ ᠲᠠᠨᠢᠯᠴᠠᠭᠤᠯᠬᠤ ᠬᠤᠷᠠᠯ ᠤᠨ ᠲᠤᠬᠠᠢ ᠶᠢᠨ ᠲᠠᠯᠠᠪᠤᠷ ᠲᠤ᠂ ᠮᠠᠰᠢ ᠤᠯᠠᠨ ᠵᠤᠭᠠᠴᠠᠯ ᠤᠨ ᠠᠵᠤ ᠠᠬᠤᠶᠢᠯᠠᠯ ᠲᠠᠢ ᠬᠠᠷᠢᠯᠴᠠᠵᠤ ᠂ ᠬᠠᠮᠲᠤᠷᠠᠬᠤ ᠰᠠᠨᠠᠯ ᠢᠶᠠᠨ ᠵᠥᠪᠳᠡᠨ ᠶᠠᠷᠢᠯᠴᠠᠵᠠᠢ᠃ ᠢᠷᠡᠭᠡᠳᠦᠶ ᠳᠤ᠂ ᠮᠠᠨ ᠤ ᠺᠣᠮᠫᠠᠨᠢ ᠶᠢᠨ ᠵᠣᠴᠢᠳ ᠤᠨ ᠪᠠᠭᠤᠳᠠᠯ ᠰᠠᠭᠤᠷᠢ ᠲᠥᠬᠦᠭᠡᠷᠦᠮᠵᠢ ᠪᠠᠨ ᠲᠠᠰᠤᠷᠠᠯᠲᠠ ᠥᠬᠡᠶ ᠲᠡᠭᠦᠯᠳᠡᠷᠵᠢᠭᠦᠯᠵᠦ᠂  ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠦᠨ᠂ ᠬᠥᠯᠥᠨ ᠪᠤᠶᠢᠷ ᠤᠨ ᠵᠢᠭᠤᠯᠴᠢᠯᠠᠯ ᠠᠮᠠᠷᠠᠯᠲᠠ ᠶᠢᠨ ᠰᠢᠨ᠎ᠡ ᠣᠳᠣᠨ ᠪᠣᠯᠬᠤ ᠪᠠᠷ ᠴᠢᠷᠮᠠᠶᠢᠵᠤ᠂ ᠡᠷᠭᠦᠨ᠎ᠡ ᠶᠢᠨ ᠵᠢᠭᠤᠯᠴᠢᠯᠠᠯ ᠤᠨ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠤᠨ᠎ᠠ᠃
        森源4.jpg
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ