3 ᠰᠠᠷ᠎ᠠ ᠶᠢᠨ 24 ᠤ ᠡᠳᠦᠷ ᠬᠤᠷᠠᠯᠳᠤᠭᠤᠯᠤᠭᠰᠠᠨ ︽ᠠᠶᠠᠯᠠᠭᠤᠳᠤ ᠵᠢᠭᠤᠯᠴᠢᠯᠠᠯ ᠥᠪᠥᠷ ᠮᠣᠩᠭᠤᠯ · ᠥᠪᠥᠷ ᠮᠣᠩᠭᠤᠯ ᠤᠨ ᠬᠠᠪᠤᠷ ᠤᠨ ᠤᠷᠢᠯᠭ᠎ᠠ ︾ | ᠭᠡᠬᠦ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠰᠤᠷᠪᠤᠯᠵᠢᠯᠠᠭᠴᠢ ᠣᠶᠢᠯᠠᠭᠠᠭᠰᠠᠨ ᠢᠶᠠᠷ᠂ ᠣᠷᠣᠨ ᠤ ᠭᠠᠳᠠᠨᠠᠬᠢ ᠨᠡᠩ ᠣᠯᠠᠨ ᠵᠢᠭᠤᠯᠴᠢᠯᠠᠬᠰᠠᠳ ᠢ ᠥᠪᠥᠷ | ᠮᠣᠩᠭᠤᠯ ᠳᠤ ᠵᠢᠭᠤᠯᠴᠢᠯᠠᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ︽ | 2025 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠵᠢᠭᠤᠯᠴᠢᠯᠠᠬᠤ ᠪᠠᠷ ᠢᠷᠡᠭᠰᠡᠨ ᠤᠷᠤᠨ ᠤ ᠭᠠᠳᠠᠨᠠᠬᠢ ᠵᠢᠭᠤᠯᠴᠢᠯᠠᠬᠰᠠᠳ ᠢ ᠱᠠᠩᠨᠠᠬᠤ | ᠠᠷᠭ᠎ᠠ︾ ᠶᠢ ᠨᠡᠶᠢᠲᠡᠯᠡᠵᠦ᠂ ᠵᠢᠭᠤᠯᠴᠢᠯᠠᠯ ᠤᠨ ᠲᠤᠰᠬᠠᠢ ᠨᠢᠰᠭᠡᠯ᠂ ᠵᠢᠭᠤᠯᠴᠢᠯᠠᠯ ᠤᠨ ᠲᠤᠰᠬᠠᠢ ᠭᠠᠯᠲᠤ ᠲᠡᠷᠭᠡ᠂ ᠬᠤᠷᠳᠤᠨ ᠤ ᠭᠠᠯᠲᠤ ᠲᠡᠷᠭᠡ᠂ | ᠵᠢᠭᠤᠯᠴᠢᠯᠠᠬᠰᠠᠳ ᠢ ᠲᠠᠳᠠᠬᠤ 4 ᠲᠦᠷᠦᠯ ᠤᠨ ᠱᠠᠩᠨᠠᠯ ︵ᠵᠢᠭᠤᠯᠴᠢᠯᠠᠯ ᠤᠨ ᠲᠤᠰᠬᠠᠢ ᠨᠢᠰᠭᠡᠯ ᠤᠨ ᠱᠠᠩᠨᠠᠯ᠂ ᠵᠢᠭᠤᠯᠴᠢᠯᠠᠯ ᠤᠨ ᠲᠤᠰᠬᠠᠢ ᠭᠠᠯᠲᠤ ᠲᠡᠷᠭᠡᠨ ᠤ | ᠱᠠᠩᠨᠠᠯ᠂ ᠬᠤᠷᠳᠤᠨ ᠤ ᠭᠠᠯᠲᠤ ᠲᠡᠷᠭᠡᠨ ᠤ ᠱᠠᠩᠨᠠᠯ᠂ ᠵᠢᠭᠤᠯᠴᠢᠯᠠᠬᠰᠠᠳ ᠢ ᠲᠠᠳᠠᠬᠤ ᠱᠠᠩᠨᠠᠯ︶ ᠭᠠᠷᠭᠠᠵᠦ᠂ ᠪᠥᠬᠦ ᠵᠢᠯ ᠤᠨ ᠱᠠᠩᠨᠠᠯ ᠤᠨ ᠶᠡᠷᠦᠩᠬᠡᠢ ᠲᠤᠭ᠎ᠠ | 1000 ᠲᠦᠮᠡᠨ ᠲᠥᠭᠦᠷᠢᠭ ᠲᠤ ᠬᠦᠷᠬᠦ ᠪᠦᠭᠡᠳ ᠲᠥᠷᠥ ᠶᠢᠨ ᠪᠣᠳᠣᠯᠭ᠎ᠠ ᠶᠢ ᠱᠠᠲᠤ ᠬᠤᠪᠢᠶᠠᠨ ᠬᠡᠷᠡᠭᠵᠢᠭᠦᠯᠬᠦ ᠪᠠᠷ ᠪᠠᠶᠢᠨ᠎ᠠ᠃ | ᠳᠡᠭᠡᠷᠡᠬᠢ ᠲᠥᠷᠥ ᠶᠢᠨ ᠪᠣᠳᠣᠯᠭ᠎ᠠ ᠶᠢ 3 ᠬᠤᠭᠤᠴᠠᠭ᠎ᠠ ᠬᠤᠪᠢᠶᠠᠨ ᠬᠡᠷᠡᠭᠵᠢᠭᠦᠯᠦᠨ᠎ᠡ᠄ 2025 ᠣᠨ ᠤ 6 ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ | 30 ᠤ ᠡᠳᠦᠷ ᠪᠣᠯᠲᠠᠯ᠎ᠠ ᠳᠡᠭᠡᠷ᠎ᠡ ᠳᠤᠷᠠᠳᠤᠭᠰᠠᠨ ᠪᠠᠷᠢᠮᠵᠢᠶ᠎ᠠ ᠪᠠᠷ ᠬᠡᠷᠡᠭᠵᠢᠭᠦᠯᠦᠨ᠎ᠡ ᠃ 1 ᠰᠠᠷ᠎ᠠ ᠶᠢᠨ 1 ᠤ ᠡᠳᠦᠷ ᠠᠴᠠ 5 ᠰᠠᠷ᠎ᠠ ᠶᠢᠨ 31 ᠤ ᠡᠳᠦᠷ᠂ 10 | ᠰᠠᠷ᠎ᠠ ᠶᠢᠨ 1 ᠤ ᠡᠳᠦᠷ ᠠᠴᠠ 12 ᠰᠠᠷ᠎ᠠ ᠶᠢᠨ 31 ᠤ ᠡᠳᠦᠷ ᠪᠣᠯᠲᠠᠯ᠎ᠠ᠂ ᠡᠨᠡ ᠬᠤᠶᠠᠷ ᠱᠠᠲᠤᠨ ᠤ ᠱᠠᠩᠨᠠᠯ ᠤᠨ ᠲᠥᠷᠥ ᠶᠢᠨ ᠪᠣᠳᠣᠯᠭ᠎ᠠ ᠶᠢ ᠳᠡᠭᠡᠷ᠎ᠡ | ᠳᠤᠷᠠᠳᠤᠭᠰᠠᠨ ᠪᠠᠷᠢᠮᠵᠢᠶ᠎ᠠ ᠪᠠᠷ ᠯᠠᠪᠯᠠᠯᠲᠠ ᠪᠣᠯᠭᠠᠨ 25 % ᠪᠠᠷ ᠳᠡᠭᠡᠭᠰᠢᠯᠡᠭᠦᠯᠦᠨ᠎ᠡ᠃ ᠪᠥᠬᠦ ᠵᠢᠯ ᠤᠨ ᠱᠠᠩᠨᠠᠯ ᠤᠨ ᠶᠡᠷᠦᠩᠬᠡᠢ ᠬᠡᠮᠵᠢᠶ᠎ᠡ 1000 ᠲᠦᠮᠡᠨ | ᠲᠥᠭᠦᠷᠢᠭ ᠲᠤ ᠬᠦᠷᠴᠦ᠂ ᠵᠢᠭᠤᠯᠴᠢᠯᠠᠯ ᠤᠨ ᠲᠤᠰᠬᠠᠢ ᠨᠢᠰᠬᠡᠯ/ᠲᠤᠰᠬᠠᠢ ᠭᠠᠯᠲᠤ ᠲᠡᠷᠭᠡᠨ ᠤ ᠲᠤᠰᠬᠠᠢ ᠵᠦᠢᠯ ᠤᠨ ᠲᠤᠭ᠎ᠠ ᠬᠡᠮᠵᠢᠶ᠎ᠡ ᠶᠢ 300 ᠲᠦᠮᠡᠨ | ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ᠃ ᠱᠠᠩᠨᠠᠯ ᠤᠨ ᠪᠠᠷᠢᠮᠵᠢᠶ᠎ᠠ ᠳᠤ ᠨᠡᠶᠢᠴᠡᠬᠦ ᠵᠢᠭᠤᠯᠴᠢᠯᠠᠯ ᠤᠨ ᠪᠦᠯᠬᠦᠮ ᠨᠡᠶᠢᠲᠡ ᠶᠢ ᠥᠪᠥᠷ ᠮᠣᠩᠭᠤᠯ ᠳᠤ ᠢᠷᠡᠬᠦ | ᠴᠠᠭ ᠤᠨ ᠳᠠᠷᠠᠭᠠᠯᠠᠯ ᠢᠶᠠᠷ ᠨᠠᠶᠢᠳᠠᠪᠤᠷᠢᠵᠢᠭᠤᠯᠵᠤ᠂ ᠵᠢᠭᠤᠯᠴᠢᠯᠠᠯ ᠤᠨ ᠭᠠᠵᠠᠷ ᠨᠢᠭᠡᠪᠦᠷᠢ ᠶᠢᠨ ᠬᠠᠮᠤᠭ ᠦᠨᠳᠦᠷ ᠱᠠᠩᠨᠠᠯ ᠢ ᠪᠥᠬᠦ ᠵᠢᠯ ᠳᠤ ᠨᠡᠶᠢᠲᠡ 100 ᠲᠦᠮᠡᠨ | ᠲᠥᠭᠦᠷᠢᠭ ᠠᠴᠠ ᠬᠡᠲᠦᠷᠡᠭᠦᠯᠬᠦ ᠦᠭᠡᠢ᠃ |