ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠤᠯᠠᠮ ᠴᠢᠨᠠᠭᠰᠢᠳᠠ | ᠴᠢᠩᠭᠠᠳᠬᠠᠨ᠂ ᠨᠡᠶᠢᠭᠡᠮ ᠵᠢᠷᠤᠮ ᠤᠨ ᠭᠤᠤᠯᠯᠠᠬᠤ ᠦᠷᠳᠡᠭ ᠤᠨ ᠦᠵᠡᠯᠲᠡ ᠶᠢᠨ ᠤᠬᠠᠭᠤᠯᠭ᠎ᠠ ᠬᠥᠮᠦᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠥᠷᠭᠡᠨ ᠤᠯᠠᠨ | ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ ᠬᠦᠰᠡᠯᠡᠩ ᠢᠲᠡᠭᠡᠯ ᠪᠢᠰᠢᠷᠡᠯ ᠢ ᠪᠠᠲᠤᠳᠬᠠᠬᠤ ᠶᠢᠨ ᠲᠥᠯᠥᠭᠡ᠂ ᠮᠣᠩᠭᠤᠯ ᠰᠢᠭᠤᠢ ᠰᠤᠮᠤᠨ ᠤ ᠰᠢᠨ᠎ᠡ ᠴᠠᠭ | ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠭᠠᠵᠠᠷ ᠨᠡᠶᠢᠭᠡᠮ ᠵᠢᠷᠤᠮ ᠤᠨ ᠭᠤᠤᠯᠯᠠᠬᠤ ᠦᠷᠳᠡᠭ ᠤᠨ ᠦᠵᠡᠯᠲᠡ ᠶᠢᠨ ᠤᠬᠠᠭᠤᠯᠭ᠎ᠠ ᠬᠥᠮᠦᠵᠢᠯ ᠥᠷᠨᠢᠭᠦᠯᠵᠡᠢ᠃ | | | | ᠠᠵᠢᠯᠯᠠᠭᠠᠨ ᠤ ᠳᠤᠮᠳᠠ᠂ ᠡᠩ ᠲᠡᠷᠢᠭᠦᠨ ᠳᠤ ᠤᠬᠠᠭᠤᠯᠤᠨ ᠲᠠᠶᠢᠯᠪᠤᠷᠢᠯᠠᠭᠴᠢ ᠣᠯᠠᠨ ᠳᠤ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢᠨ | ᠬᠤᠷᠢᠨ ᠳᠥᠷᠪᠡᠨ ᠦᠰᠦᠭ ᠤᠨ ᠦᠨᠳᠦᠰᠦᠨ ᠠᠭᠤᠯᠭ᠎ᠠ ᠶᠢ ᠲᠠᠶᠢᠯᠪᠤᠷᠢᠯᠠᠨ ᠥᠭᠴᠦ᠂ ᠦᠨᠳᠦᠰᠦᠲᠡᠨ ᠤ ᠵᠣᠷᠢᠭ ᠰᠠᠨᠠᠭᠠᠨ ᠤ ᠭᠤᠣᠯ ᠴᠢᠮᠥᠭᠡ ᠪᠣᠯᠬᠤ | ᠤᠯᠤᠰ ᠢᠶᠠᠨ ᠬᠠᠶᠢᠷᠠᠯᠠᠬᠤ ᠰᠡᠳᠬᠢᠯ ᠤᠨ ᠲᠤᠬᠠᠢ ᠣᠯᠤᠯᠲᠠ ᠪᠠᠨ ᠬᠤᠪᠢᠶᠠᠯᠴᠠᠵᠤ᠂ ᠤᠯᠤᠰ ᠢᠶᠠᠨ ᠬᠠᠶᠢᠷᠠᠯᠠᠬᠤ ᠵᠣᠷᠢᠭ ᠰᠠᠨᠠᠭᠠᠨ ᠤ ᠠᠭᠤᠯᠤᠭᠳᠠᠬᠤᠨ ᠪᠠ | ᠴᠢᠬᠤᠯᠠ ᠴᠢᠨᠠᠷ ᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠣᠳᠣᠷᠬᠠᠶᠢᠯᠠᠨ ᠥᠭᠦᠯᠡᠬᠦ ᠶᠢᠨ ᠬᠠᠮᠲᠤ᠂ ᠤᠯᠠᠨ ᠲᠦᠮᠡᠨ ᠲᠠᠢ ᠤᠢᠢᠷᠠᠳᠤᠭᠰᠠᠨ᠂ ᠬᠠᠯᠠᠭᠤᠨ | ᠳᠤᠯᠠᠭᠠᠨ ᠦᠭᠡ ᠬᠡᠯᠡ ᠪᠠᠷ ᠨᠠᠮ ᠤᠨ ᠭᠡᠰᠢᠭᠦᠨ ᠺᠠᠳ᠋ᠷᠴᠤᠳ ᠢ ᠳᠠᠭᠠᠭᠤᠯᠤᠨ ᠂ ᠤᠯᠤᠰ ᠢᠶᠠᠨ ᠵᠠᠰᠠᠬᠤ ᠤᠢᠢᠯᠠᠭᠠᠭᠳᠠᠬᠤᠨ ᠢ ᠰᠤᠷᠤᠯᠴᠠᠵᠤ᠂ ᠴᠢᠬᠤᠯᠠ ᠦᠵᠡᠯ | ᠰᠠᠨᠠᠭ᠎ᠠ ᠶᠢ ᠤᠶᠢᠯᠠᠭᠠᠪᠠ᠃ ᠨᠤᠭᠤᠷᠠᠯ ᠪᠦᠳᠦᠷᠢᠯ ᠤᠨ ᠳᠤᠮᠳᠠ ᠦᠰᠦᠨ ᠪᠤᠶᠢᠵᠢᠭᠰᠠᠨ᠂ ᠬᠦᠴᠢᠷ ᠢ ᠲᠤᠭᠤᠯᠤᠨ ᠪᠤᠵᠠᠭᠠᠶᠢᠷᠬᠠᠰᠠᠨ ᠵᠠᠭᠤᠨ ᠵᠢᠯ ᠤᠨ ᠨᠠᠮ ᠤᠨ | ᠲᠡᠦᠬᠡ ᠶᠢ ᠲᠠᠬᠢᠨ ᠡᠷᠭᠢᠴᠡᠭᠦᠯᠪᠡ᠃ ᠡᠭᠦᠨ ᠤ ᠬᠠᠮᠲᠤ᠂ ᠬᠤᠪᠢᠰᠬᠠᠯ ᠤᠨ ᠰᠣᠩᠭᠤᠳᠠᠭ ᠦᠯᠢᠭᠡᠷ ᠢᠶᠠᠷ ᠤᠯᠠᠨ ᠢ ᠬᠦᠳᠦᠯᠦᠨ ᠳᠠᠭᠠᠭᠤᠯᠵᠤ᠂ ᠬᠤᠪᠢᠰᠬᠠᠯᠲᠤ | ᠬᠥᠮᠦᠰ ᠤᠨ ᠪᠠᠭᠠᠲᠤᠷᠯᠢᠭ ᠦᠢᠯᠡ ᠠᠵᠢᠯᠯᠠᠭ᠎ᠠ ᠪᠠᠷ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭᠠᠨ ᠤ ᠲᠡᠦᠬᠡ ᠶᠢᠨ ᠦᠨ᠎ᠡ ᠦᠷᠳᠡᠭ ᠪᠣᠯᠤᠨ ᠴᠢᠬᠤᠯᠠ | ᠠᠴᠢ ᠬᠤᠯᠪᠣᠭᠳᠠᠯ ᠢ ᠭᠦᠨᠵᠡᠭᠡᠢ ᠲᠠᠶᠢᠯᠪᠤᠷᠢᠯᠠᠵᠤ᠂ ᠭᠤᠶᠢᠳᠠ ᠰᠠᠶᠢᠬᠠᠨ ᠲᠠᠶᠢᠯᠤᠮᠵᠢ ᠨᠢ ᠤᠯᠠᠨ ᠤ ᠰᠠᠶᠢᠰᠢᠶᠠᠯ ᠢ ᠤᠯᠪᠠ᠃ | ᠡᠨᠡ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ ᠪᠣᠯ ᠨᠢᠭᠡᠨ ᠤᠳᠠᠭᠠᠨ ᠤ ᠭᠦᠨ ᠭᠦᠨᠵᠡᠭᠡᠶ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠪᠣᠯᠤᠨ᠎ᠠ᠂ | ᠤᠯᠠᠨ ᠢᠶᠠᠷ ᠢᠶᠠᠨ ᠬᠤᠪᠢᠰᠬᠠᠯ ᠤᠨ ᠠᠬᠠᠮᠠᠳ ᠦᠶ᠎ᠡ ᠶᠢᠨ ᠪᠠᠭᠠᠲᠤᠷᠯᠢᠭ ᠦᠢᠯᠡ ᠠᠵᠢᠯᠯᠠᠭ᠎ᠠ ᠪᠣᠯᠤᠨ ᠵᠣᠷᠢᠭ ᠰᠠᠨᠠᠭᠠᠨ ᠳᠤ ᠰᠡᠳᠬᠢᠯ ᠳᠣᠭᠳᠣᠯᠵᠤ᠂ ᠵᠣᠯ | ᠵᠢᠷᠭᠠᠯᠲᠤ ᠠᠮᠢᠳᠤᠷᠠᠯ ᠪᠣᠯ ᠬᠢᠯᠪᠠᠷ ᠪᠤᠰᠤ ᠪᠠᠷ ᠢᠷᠡᠭᠰᠡᠨ ᠶᠤᠮ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠠᠭᠠᠲᠤᠷᠯᠢᠭ ᠦᠢᠯᠡ ᠠᠵᠢᠯᠯᠠᠭ᠎ᠠ ᠶᠢ ᠪᠢᠳᠡ | ᠰᠤᠷᠤᠯᠴᠠᠨ ᠮᠠᠭᠲᠠᠭᠤᠰᠢᠲᠠᠢ ᠶᠤᠮ᠂ ᠲᠡᠦᠬᠡ ᠪᠠᠨ ᠪᠠᠲᠤ ᠴᠡᠭᠡᠵᠢᠯᠡᠨ᠂ ᠣᠳᠣᠬᠢ ᠪᠠᠶᠢᠳᠠᠯ ᠢᠶᠠᠨ ᠨᠠᠨᠳᠢᠩᠨᠠᠵᠤ᠂ ᠬᠤᠶᠢᠰᠢᠳᠠ ᠪᠣᠳᠠᠲᠤ ᠠᠵᠢᠯᠯᠠᠭ᠎ᠠ ᠪᠠᠷ ᠢᠶᠠᠨ | ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠦᠨ᠂ ᠲᠡᠭᠦᠨ ᠢ ᠴᠥᠬᠦᠷᠡᠰᠢ ᠦᠭᠡᠢ ᠲᠡᠮᠡᠴᠡᠬᠦ ᠬᠦᠴᠦᠷᠬᠡᠭ ᠶᠡᠭᠡ ᠬᠥᠳᠡᠯᠭᠡᠬᠦ | ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ |