3 ᠰᠠᠷ᠎ᠠ ᠶᠢᠨ 26 ᠤ ᠡᠳᠦᠷ᠂ ᠮᠠᠨ ᠤ ᠺᠣᠮᠫᠠᠨᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠣᠰᠣᠯᠢᠭ ᠲᠠᠷᠢᠮᠠᠯ ᠤᠨ ᠲᠤᠰᠬᠠᠶ ᠮᠡᠷᠭᠡᠵᠢᠯᠲᠡᠨ ᠤ ᠵᠢᠭᠠᠨ | ᠵᠢᠯᠣᠭᠤᠳᠬᠤ ᠳᠤᠭᠤᠶᠢᠯᠠᠩ ᠤᠨ ᠭᠡᠰᠢᠭᠦᠨ᠂ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠮᠡᠷᠭᠡᠵᠢᠯ ᠤᠨ ᠰᠢᠰᠲ᠋ᠧᠮ ᠤᠨ ᠰᠢᠯᠢᠮᠳᠡᠭ | ᠳᠠᠷᠢᠬᠤ ᠰᠢᠨᠵᠢᠯᠡᠬᠦ ᠤᠬᠠᠭᠠᠨᠲᠠᠨ᠂ ᠳᠤᠮᠳᠠᠳᠤ ᠣᠷᠣᠨ ᠤ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ ᠵᠧᠤ ᠭᠤᠸᠠᠩ ᠱᠧᠩ ᠢ ᠤᠷᠢᠵᠤ᠂ ᠲᠤᠰᠬᠠᠶ | ᠰᠡᠳᠦᠪᠲᠦ ᠬᠢᠴᠢᠶᠡᠯ ᠶᠠᠷᠢᠭᠤᠯᠪᠠ᠃ | | | | ᠲᠤᠰ ᠬᠤᠷᠠᠯ ᠢ ᠡᠩᠬᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ | ᠮᠡᠳᠡᠭᠴᠢ ᠶᠢᠨ ᠳᠠᠷᠤᠭ᠎ᠠ ᠵᠠᠩ ᠧᠨ ᡁᠢ ᠡᠷᠭᠢᠯᠡᠵᠦ᠂ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠶ ᠳᠠᠭᠠᠭᠠᠮᠠᠯ ᠯᠢᠦ ᠴᠢᠦ ᠬᠤᠸᠠ᠂ ᠳᠡᠳ᠋ ᠶᠡᠷᠦᠩᠬᠡᠶ | ᠳᠠᠭᠠᠭᠠᠮᠠᠯ ᠰᠢᠩ ᠭᠦᠸᠧ ᠴᠢᠩ ᠵᠢᠴᠢ ᠺᠣᠮᠫᠠᠨᠢ ᠶᠢᠨ 50 ᠭᠠᠷᠤᠶ ᠲᠠᠷᠢᠶᠠᠯᠠᠩ ᠤᠨ ᠮᠡᠷᠭᠡᠵᠢᠯᠲᠡᠨ ᠤᠷᠤᠯᠴᠠᠪᠠ᠃ | | | | ᠵᠧᠤ ᠫᠷᠤᠹᠧᠰᠰᠤᠷ ᠡᠩ ᠲᠡᠷᠢᠭᠦᠨ ᠳᠤ ᠰᠢᠯᠢᠮᠳᠡᠭ ᠤᠨ ︽ᠤᠯᠤᠰ ᠤᠨ ᠠᠮᠤ ᠲᠣᠰᠣᠨ ᠤ ᠠᠮᠤᠷ ᠲᠦᠪᠰᠢᠨ︾ ᠤ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠳᠤᠮᠳᠡᠬᠢ ᠪᠠᠶᠢᠷᠢ ᠰᠠᠭᠤᠷᠢ ᠶᠢ ᠵᠠᠳᠠᠯᠪᠠ᠃ ᠳᠠᠷᠠᠭ᠎ᠠ ᠳᠤ ᠨᠢ ᠰᠢᠨ᠎ᠡ ᠴᠠᠭ ᠦᠶ᠎ᠡ ᠶᠢᠨ ᠰᠢᠯᠢᠮᠳᠡᠭ ᠤᠨ ᠠᠵᠤ | ᠦᠢᠯᠡᠰ ᠤᠨ ᠬᠥᠭᠵᠢᠯᠲᠡ ᠶᠢᠨ ᠣᠨᠴᠠᠯᠢᠭ ᠲᠤ ᠠᠩᠬᠠᠷᠤᠯ ᠢᠶᠠᠨ ᠲᠥᠪᠯᠡᠷᠡᠭᠦᠯᠬᠦ ᠶᠢᠨ ᠬᠠᠮᠲᠤ ᠬᠠᠮᠤᠭ ᠤᠨ ᠰᠠᠶᠢᠨ ᠣᠷᠣᠨ ᠵᠠᠢ ᠶᠢᠨ ᠲᠤᠬᠢᠷᠠᠭᠤᠯᠤᠯᠳᠠ᠂ ᠨᠢᠭᠡ ᠯᠡ | ᠳᠡᠭᠡᠷ᠎ᠡ ᠲᠠᠷᠢᠬᠰᠠᠨ ᠪᠦᠬᠦ ᠴᠢᠬᠢ ᠶᠢᠨ ᠦᠷ᠎ᠡ ᠶᠢ ᠰᠢᠢᠳᠪᠦᠷᠢᠯᠡᠬᠦ᠂ ᠡᠪᠡᠰᠦᠨ ᠤ ᠬᠥᠨᠥᠭᠡᠯ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ᠂ ᠰᠦᠢᠳᠦᠯ ᠢ ᠪᠠᠭᠠᠰᠬᠠᠬᠤ | ᠵᠡᠷᠭᠡ ᠬᠡᠳᠦᠨ ᠲᠠᠯ᠎ᠠ ᠠᠴᠠ ᠥᠨᠳᠥᠷ ᠤᠨᠠᠯᠲᠠ ᠲᠠᠢ ᠴᠢᠨᠠᠷ ᠰᠠᠶᠢᠲᠠᠢ ᠰᠢᠯᠢᠮᠳᠡᠭ ᠤᠨ ᠲᠦᠷᠦᠯ ᠵᠦᠢᠯ ᠢ ᠰᠢᠯᠢᠨ ᠰᠣᠩᠭᠤᠬᠤ ᠵᠢᠴᠢ ᠢᠵᠢ ᠪᠦᠷᠢᠳᠦᠭᠦᠯᠦᠨ ᠲᠠᠷᠢᠬᠤ | ᠮᠡᠷᠭᠡᠵᠢᠯ ᠤᠨ ᠰᠢᠰᠲ᠋ᠧᠮ ᠢ ᠪᠠᠶᠢᠭᠤᠯᠬᠤ ᠵᠢᠴᠢ ᠬᠡᠷᠡᠭᠯᠡᠬᠦ ᠶᠢ ᠭᠤᠣᠯᠳᠠᠯᠭ᠎ᠠ ᠲᠠᠢ ᠲᠠᠨᠢᠯᠴᠠᠭᠤᠯᠵᠠᠢ᠃ ᠬᠠᠮᠤᠭ ᠤᠨ ᠰᠡᠭᠦᠯ ᠳᠤ᠂ ᠰᠢᠯᠢᠮᠳᠡᠭ ᠤᠨ ᠲᠠᠯᠠᠪᠠᠢ | ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ᠂ ᠦᠷ᠎ᠡ ᠶᠢ ᠰᠢᠢᠳᠪᠦᠷᠢᠯᠡᠬᠦ ᠪᠠ ᠲᠠᠷᠢᠬᠤ᠂ ᠰᠢᠮ᠎ᠡ ᠲᠡᠵᠢᠭᠡᠯ ᠤᠨ ᠬᠠᠮᠢᠶᠠᠷᠤᠯᠲᠠ ᠪᠣᠯᠤᠨ ᠪᠤᠷᠳᠤᠭᠤᠷ᠂ ᠢᠳᠡᠷᠡᠭᠦᠨ | ᠴᠢᠬᠢ ᠶᠢᠨ ᠬᠢᠮᠢ ᠶᠢᠨ ᠳᠤᠬᠢᠷᠠᠭᠤᠯᠤᠯ ᠵᠡᠷᠭᠡ ᠬᠡᠳᠦᠨ ᠲᠠᠯ᠎ᠠ ᠪᠠᠷ ᠭᠤᠤᠯᠯᠠᠨ᠂ ᠰᠢᠨ᠎ᠡ ᠮᠡᠷᠭᠡᠵᠢᠯ ᠰᠢᠨ᠎ᠡ ᠦᠢᠯᠡᠳᠬᠦᠨ ᠢ ᠰᠢᠯᠢᠨ ᠰᠣᠩᠭᠤᠬᠤ ᠲᠤᠬᠠᠢ | ᠰᠢᠰᠲ᠋ᠧᠮ ᠲᠠᠢ ᠭᠦᠨᠵᠡᠭᠡᠢ ᠲᠠᠶᠢᠯᠪᠤᠷᠢᠯᠠᠵᠤ᠂ ᠰᠢᠯᠢᠮᠳᠡᠭ ᠤᠨ ᠲᠠᠷᠢᠮᠠᠯ ᠤᠨ ᠦᠢᠯᠡᠳᠪᠦᠷᠢᠯᠡᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢᠨ | ᠳᠡᠭᠡᠭᠰᠢᠯᠡᠯᠲᠡ ᠶᠢ ᠲᠠᠶᠢᠴᠢᠯᠠᠵᠠᠢ᠃ | | | | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠲᠠᠷᠢᠶᠠᠯᠠᠩ ᠤᠨ ᠮᠡᠷᠭᠡᠵᠢᠯ ᠤᠨ ᠠᠵᠢᠯᠲᠠᠳ ᠰᠢᠯᠢᠮᠳᠡᠭ ᠤᠨ ᠲᠠᠷᠢᠶᠠᠨ ᠤ ᠬᠤᠭᠤᠴᠠᠭ᠎ᠠ᠂ ᠪᠤᠷᠳᠤᠭᠤᠷ | ᠣᠷᠣᠭᠤᠯᠬᠤ ᠮᠡᠷᠭᠡᠵᠢᠯ ᠪᠣᠯᠤᠨ ᠲᠠᠷᠢᠵᠦ ᠪᠤᠶᠢᠵᠢᠭᠤᠯᠬᠤ ᠹᠢᠽᠢᠣᠯᠣᠭᠢ ᠵᠡᠷᠭᠡ ᠲᠠᠯ᠎ᠠ ᠪᠠᠷ ᠵᠧᠦ ᠭᠤᠸᠠᠩ ᠱᠧᠩ ᠫᠷᠤᠹᠧᠰᠰᠤᠷ ᠲᠠᠢ ᠢᠳᠡᠪᠬᠢᠲᠡᠢ ᠶᠠᠷᠢᠯᠴᠠᠨ᠂ ᠬᠦᠷ | ᠬᠥᠭᠵᠢᠶᠡᠨ ᠲᠠᠢ ᠪᠠᠶᠢᠯ᠎ᠠ᠃ ᠲᠣᠰ ᠤᠳᠠᠭᠠᠨ ᠤ ᠬᠢᠴᠢᠶᠡᠯ ᠢᠶᠠᠷ ᠳᠡᠮᠵᠢᠨ᠂ ᠮᠠᠨ ᠤ ᠺᠣᠮᠫᠠᠨᠢ ᠶᠢᠨ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠤ ᠲᠤᠰᠬᠠᠶ | ᠮᠡᠷᠭᠡᠵᠢᠯ ᠤᠨ ᠮᠡᠳᠡᠯᠭᠡ ᠶᠢ ᠤᠯᠠᠮ ᠨᠢᠭᠡ ᠠᠯᠬᠤᠮ ᠪᠠᠶᠠᠯᠢᠭᠵᠢᠭᠤᠯᠤᠨ᠂ ᠠᠵᠤ ᠠᠬᠤᠶᠢᠯᠠᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠭᠰᠠᠨ ᠢᠶᠠᠷ | ᠪᠠᠷᠠᠬᠤ ᠥᠬᠡᠶ᠂ ᠪᠠᠰᠠ ᠮᠠᠨ ᠤ ᠺᠣᠮᠫᠠᠨᠢ ᠶᠢᠨ ᠰᠢᠯᠢᠮᠳᠡᠭ ᠤᠨ ᠵᠠᠩᠭᠢᠯᠠᠭ᠎ᠠ ᠶᠢᠨ ᠪᠤᠶᠢᠵᠢᠭᠤᠯᠤᠯᠲᠠ ᠪᠠ ᠬᠡᠷᠡᠭᠯᠡᠯᠲᠡ ᠳᠤ ᠴᠢᠬᠤᠯᠠ ᠵᠢᠯᠣᠭᠤᠳᠬᠤ ᠠᠴᠢ | ᠬᠤᠯᠪᠣᠭᠳᠠᠯ ᠲᠠᠢ ᠶᠤᠮ᠃ |