3 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠮᠤᠷᠳᠠᠭ᠎ᠠ ᠪᠠᠯᠭᠠᠰᠤ 2025 ᠣᠨ ᠤ ᠨᠠᠮ ᠤᠨ ᠰᠤᠷᠲᠠᠯ ᠪᠠ ᠴᠢᠬᠡᠴᠢ ᠵᠠᠰᠠᠭ ᠤᠨ ᠠᠵᠢᠯ ᠤᠨ | ᠬᠤᠷᠠᠯ ᠬᠤᠷᠠᠯᠳᠤᠭᠤᠯᠪᠠ ᠃ ᠲᠤᠰ ᠬᠤᠷᠠᠯ ᠢ ᠮᠠᠨ ᠤ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠵᠧᠩ ᠭᠦᠸᠧ ᠵᠥᠩ ᠡᠷᠭᠢᠯᠡᠵᠦ᠂ ᠨᠠᠮ ᠵᠠᠰᠠᠭ ᠤᠨ | ᠤᠳᠤᠷᠢᠳᠬᠤ ᠪᠠᠭ ᠤᠨ ᠪᠥᠬᠦ ᠭᠡᠰᠢᠭᠦᠳ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠵᠢᠴᠢ ᠰᠠᠬᠢᠯᠭ᠎ᠠ ᠪᠠᠲᠤ ᠪᠠᠶᠢᠴᠠᠭᠠᠬᠤ | ᠭᠡᠰᠢᠭᠦᠨ ᠤᠷᠤᠯᠴᠠᠪᠠ᠃ | ᠬᠤᠷᠠᠯ ᠳᠡᠭᠡᠷ᠎ᠡ᠂ ᠥᠩᠭᠡᠷᠡᠭᠰᠡᠨ ᠨᠢᠭᠡ ᠵᠢᠯ ᠤᠨ ᠨᠠᠮ ᠤᠨ ᠰᠤᠷᠲᠠᠯ ᠪᠠ ᠴᠢᠬᠡᠴᠢ ᠵᠠᠰᠠᠭ ᠤᠨ ᠠᠵᠢᠯ ᠢ ᠪᠦᠬᠦ ᠲᠠᠯ᠎ᠠ ᠪᠠᠷ ᠬᠤᠷᠢᠶᠠᠩᠭᠤᠶᠢᠯᠠᠨ ᠂ ᠰᠢ ᠶᠢᠨ ᠫᠢᠩ | ᠶᠡᠷᠦᠩᠬᠡᠢ ᠱᠦᠵᠢ ᠶᠢᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠳᠡᠭᠡᠷᠡᠬᠢ | ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠷᠭᠦᠨ᠎ᠡ ᠬᠤᠳᠠ ᠶᠢᠨ ᠵᠢᠷᠭᠤᠳᠤᠭᠠᠷ ᠬᠤᠭᠤᠴᠠᠭᠠᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠵᠤ᠂ 2025 ᠣᠨ ᠤ ᠨᠠᠮ ᠤᠨ ᠰᠤᠷᠲᠠᠯ ᠪᠠ | ᠴᠢᠬᠡᠴᠢ ᠵᠠᠰᠠᠭ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠢ ᠪᠠᠶᠢᠷᠢᠯᠠᠭᠤᠯᠪᠠ᠃ | ᠬᠤᠷᠠᠯ ᠳᠤ ᠣᠷᠣᠯᠴᠠᠭᠰᠠᠨ ᠬᠥᠮᠦᠰ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠪᠡ᠃ | ᠬᠤᠵᠢᠮ ᠂ ᠮᠤᠷᠳᠠᠭ᠎ᠠ ᠪᠠᠯᠭᠠᠰᠤ ᠤᠯᠤᠰ ᠲᠦᠷᠦ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠵᠢᠯ ᠤᠨ ᠪᠠᠷᠢᠮᠵᠢᠶ᠎ᠠ ᠶᠢ ᠴᠢᠩᠭᠠᠳᠬᠠᠵᠤ ᠂ | ᠠᠵᠢᠯ ᠤᠨ ᠠᠷᠭ᠎ᠠ ᠬᠡᠮᠵᠢᠶ᠎ᠡ ᠪᠠᠨ ᠰᠢᠨᠡᠴᠢᠯᠡᠨ᠂ ᠨᠠᠮ ᠤᠨ ᠰᠤᠷᠲᠠᠯ ᠪᠠ ᠴᠢᠬᠡᠴᠢ ᠵᠠᠰᠠᠭ ᠤᠨ ᠠᠵᠢᠯ ᠢ ᠲᠠᠰᠤᠷᠠᠯᠲᠠ ᠦᠭᠡᠢ ᠠᠬᠢᠭᠤᠯᠤᠨ᠎ᠠ᠃ ᠮᠤᠷᠳᠠᠭ᠎ᠠ | ᠪᠠᠯᠭᠠᠰᠤᠨ ᠤ ᠨᠡᠶᠢᠭᠡᠮ ᠠᠵᠤ ᠠᠬᠤᠢ ᠶᠢᠨ ᠴᠢᠨᠠᠷᠯᠢᠭ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃ |