︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾ ᠶᠢ ᠨᠡᠶᠢᠲᠡᠯᠡᠨ ᠬᠡᠷᠡᠭᠵᠢᠭᠦᠯᠦᠭᠰᠡᠨ 10 ᠵᠢᠯ ᠤᠨ | ᠣᠶ ᠬᠦᠷᠴᠦ ᠢᠷᠡᠬᠦ ᠲᠠᠰᠢᠷᠠᠮ ᠳᠤ᠂ ᠪᠥᠬᠦ ᠠᠷᠠᠳ ᠢᠷᠭᠡᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠪᠠ ᠬᠡᠪ ᠪᠣᠯᠪᠠᠰᠤᠷᠠᠯ ᠢ ᠤᠯᠠᠮ ᠨᠢᠭᠡ ᠠᠯᠬᠤᠮ | ᠴᠢᠩᠭᠠᠳᠬᠠᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠨ᠂ ᠬᠢᠯᠢ ᠬᠢᠵᠠᠭᠠᠷ ᠤᠨ ᠰᠡᠷᠭᠡᠶᠢᠯᠡᠯᠲᠡ ᠶᠢᠨ ᠱᠤᠭᠤᠮ ᠢ ᠪᠠᠲᠤᠳᠬᠠᠬᠤ ᠶᠢᠨ ᠲᠥᠯᠥᠭᠡ᠂ 4 | ᠰᠠᠷ᠎ᠠ ᠶᠢᠨ 8 ᠤ ᠡᠳᠦᠷ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠵᠦᠪᠯᠡᠯ ᠤᠨ ᠠᠯᠪᠠᠨ ᠬᠡᠷ ᠠᠴᠠ ᠭᠤᠤᠯᠯᠠᠨ | ᠡᠷᠭᠢᠯᠡᠵᠦ᠂ ᠡᠷᠭᠦᠨ᠎ᠡ ᠬᠤᠲᠠ ᠶᠢᠨ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠵᠦᠪᠯᠡᠯ ᠤᠨ ᠠᠯᠪᠠᠨ ᠬᠡᠷ ᠳᠠᠭᠠᠭᠠᠴᠢᠯᠠᠨ ᠡᠷᠭᠢᠯᠡᠭᠰᠡᠨ ︽ᠤᠯᠤᠰ ᠤᠨ | ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠤᠯᠠᠭᠠᠨᠮᠥ᠋ᠴᠢᠷ ᠤᠨ ᠮᠢᠩᠭᠠᠨ ᠭᠠᠵᠠᠷ ᠤᠨ ᠬᠢᠯᠢ ᠶᠢᠨ ᠪᠣᠭᠤᠮᠲᠠ ᠶᠢᠨ ᠠᠶᠠᠯᠠᠯ︾ ᠭᠡᠬᠦ ᠰᠡᠳᠦᠪᠲᠦ ᠲᠣᠭᠯᠠᠯᠲᠠ | ᠾᠧᠢ ᠱᠠᠨ ᠳᠧᠦ ᠪᠣᠭᠤᠮᠲᠠ ᠳᠤ ᠶᠠᠪᠤᠭᠳᠠᠪᠠ᠃ | | | | ᠲᠤᠰ ᠤᠳᠠᠭᠠᠨ ᠤ ᠲᠤᠭᠯᠠᠯᠲᠠ ᠨᠢ ᠪᠠᠶᠠᠷ ᠪᠠᠶᠠᠰᠬᠤᠯᠠᠩᠲᠤ ᠪᠥᠵᠢᠭ ᠤᠨ ᠳᠤᠮᠳᠠ ᠬᠥᠰᠢᠭᠡ ᠪᠠᠨ ᠨᠡᠬᠡᠬᠡᠵᠦ᠂ ᠣᠷᠭᠢᠯᠤᠮ᠎ᠠ ᠬᠠᠯᠠᠭᠤᠨ ᠳᠠᠭᠤᠤ᠂ | ᠦᠨᠳᠦᠰᠦᠲᠡᠨ ᠤ ᠥᠪᠡᠷᠮᠢᠴᠡ ᠣᠨᠴᠠᠯᠢᠭ ᠲᠠᠢ ᠪᠥᠵᠢᠭ ᠪᠣᠯᠤᠨ ᠭᠤᠶᠢᠳᠠ ᠰᠠᠶᠢᠬᠠᠨ ᠬᠥᠭᠵᠢᠮ ᠤᠨ ᠲᠣᠭᠯᠠᠯᠲᠠ ᠡᠭᠡᠯᠵᠢᠯᠡᠨ ᠲᠣᠭᠯᠠᠵᠤ᠂ ᠲᠤᠬᠠᠢ ᠶᠢᠨ ᠲᠠᠯᠠᠪᠤᠷ | ᠲᠤ ᠪᠠᠶᠢᠭᠰᠠᠨ ᠤᠯᠠᠨ ᠲᠦᠮᠡᠨ ᠪᠠ ᠺᠠᠳ᠋ᠷ ᠴᠠᠭᠳᠠᠭᠠᠨ ᠤ ᠬᠠᠯᠠᠭᠤᠨ ᠠᠯᠠᠭ᠎ᠠ ᠲᠠᠰᠢᠯᠳᠠ ᠶᠢ ᠤᠯᠪᠠ᠃ | | | | | ᠡᠷᠭᠦᠨ᠎ᠡ ᠬᠤᠲᠠ ᠶᠢᠨ ᠤᠯᠠᠭᠠᠨᠮᠥ᠋ᠴᠢᠷ ᠤᠨ ᠳᠡᠳ᠋ ᠳᠠᠷᠤᠭ᠎ᠠ ᠪᠠᠢ ᠱᠤ᠋ ᠵᠢᠤᠸᠠᠨ ᠬᠡᠯᠡᠭᠰᠡᠨ ᠨᠢ ︽ᠲᠤᠰ ᠤᠳᠠᠭᠠᠨ ᠤ ᠲᠣᠭᠯᠠᠯᠲᠠ ᠳᠤ ᠪᠢᠳᠡ ᠤᠯᠤᠰ ᠤᠨ | ᠠᠮᠤᠷ ᠲᠦᠪᠰᠢᠨ ᠤ ᠶᠡᠷᠦᠩᠬᠡᠶ ᠦᠵᠡᠯᠲᠡ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠲᠡᠨ ᠤ ᠣᠨᠴᠠᠯᠢᠭ ᠪᠦᠬᠦᠢ ᠤᠷᠠᠨ | ᠰᠠᠶᠢᠬᠠᠨ ᠤ ᠲᠣᠭᠯᠠᠯᠲᠠ ᠳᠤ ᠠᠭᠤᠰᠬᠠᠨ ᠣᠷᠣᠭᠤᠯᠵᠤ᠂ ᠳᠠᠭᠤᠤ᠂ ᠪᠥᠵᠢᠭ ᠤᠨ ᠬᠡᠯᠪᠡᠷᠢ ᠪᠠᠷ ᠣᠯᠠᠨ ᠳᠤ ᠲᠦᠭᠡᠮᠡᠯᠵᠢᠭᠦᠯᠦᠨ᠂ ᠲᠣᠭᠯᠠᠯᠲᠠ ᠶᠢ ᠰᠣᠨᠢᠷᠬᠠᠬᠤ ᠶᠢᠨ | ᠳᠠᠭᠠᠤ ᠤᠯᠤᠰ ᠤᠨ ᠠᠮᠤᠷ ᠲᠦᠪᠰᠢᠨ ᠤ ᠶᠡᠷᠦᠩᠬᠡᠶ ᠦᠵᠡᠯᠲᠡ ᠶᠢ ᠨᠡᠩ ᠭᠦᠨᠵᠡᠭᠡᠶ ᠣᠶᠢᠯᠠᠭᠠᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤ ᠬᠥᠮᠦᠨ | ᠪᠦᠬᠦᠨ ᠳᠤ ᠬᠠᠷᠢᠭᠤᠴᠠᠯᠭ᠎ᠠ ᠲᠠᠢ ᠭᠡᠳᠡᠭ ᠢ ᠲᠠᠨᠢᠭᠤᠯᠬᠤ ᠪᠣᠯᠤᠨ᠎ᠠ︾᠃ | | | | ᠲᠤᠬᠠᠢ ᠶᠢᠨ ᠲᠠᠯᠠᠪᠤᠷ ᠲᠤ ᠂ ᠪᠠᠰᠠ ᠤᠯᠤᠰ ᠤᠨ ᠠᠮᠤᠷ ᠲᠦᠪᠰᠢᠨ ᠤ ᠲᠤᠬᠠᠢ ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢ ᠲᠤᠬᠢᠷᠠᠭᠤᠯᠵᠤ᠂ | ᠤᠯᠠᠨ ᠢᠶᠠᠷ ᠢᠶᠠᠨ ᠢᠳᠡᠪᠬᠢᠲᠡᠢ ᠤᠷᠤᠯᠴᠠᠨ᠂ ᠲᠤᠬᠠᠢ ᠶᠢᠨ ᠲᠠᠯᠠᠪᠤᠷ ᠤᠨ ᠠᠭᠤᠷ ᠠᠮᠢᠰᠬᠤᠯ ᠢ ᠬᠦᠷ ᠬᠥᠭᠵᠢᠶᠡᠨ ᠲᠠᠢ ᠪᠤᠯᠭᠠᠪᠠ᠃ ᠡᠨᠡ ᠨᠢ ᠤᠯᠠᠨ ᠤ ᠤᠯᠤᠰ ᠤᠨ | ᠠᠮᠤᠷ ᠲᠦᠪᠰᠢᠨ ᠤ ᠲᠤᠬᠠᠢ ᠣᠶᠢᠯᠠᠭᠠᠯᠲᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠡᠢ᠃ |