ᠡᠷᠭᠦᠨ᠎ᠡ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ 2025 ᠣᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠤᠰᠠᠳᠬᠠᠬᠤ ᠶᠢ ᠪᠠᠶᠢᠩᠭᠤᠵᠢᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/15
      ᠬᠠᠷ᠎ᠠ ᠪᠦᠯᠦᠭᠲᠡᠨ ᠬᠠᠷᠭᠢᠰ ᠬᠦᠴᠦᠨ ᠢ ᠤᠰᠠᠳᠬᠠᠬᠤ ᠶᠢ ᠪᠠᠶᠢᠩᠭᠤᠵᠢᠭᠤᠯᠬᠤ ᠠᠵᠢᠯ ᠢ ᠴᠢᠨᠠᠭᠰᠢᠳᠠ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 10 ᠤ ᠡᠳᠦᠷ᠂ ᠡᠷᠭᠦᠨ᠎ᠡ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ 2025 ᠣᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠤᠰᠠᠳᠬᠠᠬᠤ ᠶᠢ ᠪᠠᠶᠢᠩᠭᠤᠵᠢᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ ᠃ ᠲᠤᠰ ᠬᠤᠷᠠᠯ ᠢ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠳᠡᠳ᠋ ᠱᠦᠵᠢ ᠵᠢᠶᠠ ᠸᠧᠢ ᠡᠷᠬᠢᠯᠡᠵᠦ᠂ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠂ ᠠᠷᠠᠳ ᠤᠨ ᠪᠠᠶᠢᠴᠠᠭᠠᠬᠤ ᠬᠤᠷᠢᠶ᠎ᠠ ᠂ ᠠᠷᠠᠳ ᠤᠨ ᠰᠢᠭᠦᠬᠦ ᠬᠤᠷᠢᠶ᠎ᠠ ᠂ ᠬᠠᠤᠯᠢ ᠴᠠᠭᠠᠵᠠ ᠶᠢᠨ ᠲᠤᠪᠴᠢᠶ᠎ᠠ ᠵᠢᠴᠢ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ 12  ᠪᠠᠶᠢᠭᠤᠯᠭ᠎ᠠ ᠨᠢᠭᠡᠴᠡ ᠶᠢᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠨᠠᠷ ᠣᠷᠣᠯᠴᠠᠪᠠ᠃
     政法1.jpg
     ᠬᠤᠷᠠᠯ ᠠᠴᠠ 2025 ᠣᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠤᠰᠠᠳᠬᠠᠬᠤ ᠶᠢ ᠪᠠᠶᠢᠩᠭᠤᠵᠢᠭᠤᠯᠬᠤ ᠠᠵᠢᠯ ᠵᠢᠴᠢ ᠤᠢᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠪᠠᠶᠢᠷᠢᠯᠠᠭᠤᠯᠵᠠᠢ᠃ ᠨᠢᠭᠡ ᠳᠤ ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠦᠨ᠎ᠡ᠃ ᠬᠤᠶᠠᠷ ᠲᠤ ᠂ ᠬᠡᠷᠡᠭ ᠤᠨ ᠰᠦᠪᠡᠭᠴᠢ ᠶᠢ ᠬᠠᠷᠭᠤᠭᠤᠯᠤᠨ ᠪᠠᠶᠢᠴᠠᠭᠠᠬᠤ ᠠᠵᠢᠯ ᠢ ᠴᠢᠩᠭᠠᠳᠬᠠᠵᠤ᠂ ᠬᠠᠷᠭᠤᠭᠤᠯᠤᠨ ᠪᠠᠶᠢᠴᠠᠭᠠᠬᠤ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠭᠤᠷᠪᠠ ᠳᠤ ᠂ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃ ᠲᠦᠷᠪᠡ ᠳᠤ ᠂ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠯᠳᠠᠭ᠎ᠠ ᠭᠠᠷᠭᠠᠬᠤ ᠶᠢ ᠰᠡᠷᠭᠡᠶᠢᠯᠡᠨ᠎ᠡ᠃
   政法2.jpg
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ