ᠡᠩᠬᠡ ᠶᠢᠨ ᠤᠷᠤᠰ ᠦᠨᠳᠦᠰᠦᠲᠡᠨ ᠤ ᠰᠢᠶᠠᠩ ᠪᠠ ᠠᠵᠤ ᠠᠬᠤᠶᠢᠯᠠᠯ ᠬᠤᠯᠪᠤᠭᠠᠯᠠᠨ᠂ ᠪᠡᠯᠴᠢᠭᠡᠷᠯᠡᠭᠦᠯᠬᠦ ᠶᠢ ᠵᠤᠭᠰᠤᠭᠠᠵᠤ ᠦᠨᠵᠢᠭᠦᠯᠦᠨ ᠮᠠᠯᠯᠠᠬᠤ ᠪᠤᠯᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠤᠬᠠᠭᠤᠯᠭ᠎ᠠ ᠬᠢᠪᠡ
ᠨᠡᠶᠢᠲᠡᠯᠡᠭᠰᠡᠨ ᠴᠠᠭ᠄
2025/4/15
      ᠰᠢ ᠶᠢᠨ ᠫᠢᠩ ᠶᠡᠷᠦᠩᠬᠡᠢ ᠱᠦᠵᠢ ᠶᠢᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠂ ᠪᠡᠯᠴᠢᠭᠡᠷᠯᠡᠭᠦᠯᠬᠦ ᠶᠢ ᠵᠤᠭᠰᠤᠭᠠᠵᠤ ᠦᠨᠵᠢᠭᠦᠯᠦᠨ ᠮᠠᠯᠯᠠᠬᠤ᠂ ᠤᠢ ᠮᠣᠳᠣ ᠡᠪᠡᠰᠦ ᠪᠡᠯᠴᠢᠭᠡᠷ ᠢ ᠡᠪᠳᠡᠬᠦ ᠠᠵᠢᠯᠯᠠᠭ᠎ᠠ ᠳᠤ ᠴᠣᠬᠢᠯᠲᠠ ᠥᠭᠬᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠵᠡᠷᠭᠡ ᠠᠵᠢᠯ ᠢ ᠯᠠᠪᠳᠠᠭᠤᠨ ᠲᠦᠯᠬᠢᠨ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 8 ᠤ ᠡᠳᠦᠷ᠂ ᠡᠩᠬᠡ ᠶᠢᠨ ᠤᠷᠤᠰ ᠦᠨᠳᠦᠰᠦᠲᠡᠨ ᠤ ᠰᠢᠶᠠᠩ  ᠤᠨ ᠠᠷᠠᠳ ᠤᠨ ᠵᠠᠰᠠᠭ ᠤᠨ ᠤᠷᠳᠤᠨ᠂ ᠡᠩᠬᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠤᠮᠫᠠᠨᠢ ᠪᠠ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠬᠤᠯᠪᠤᠭᠠᠯᠠᠨ᠂ ᠪᠡᠯᠴᠢᠭᠡᠷᠯᠡᠭᠦᠯᠬᠦ ᠶᠢ ᠵᠤᠭᠰᠤᠭᠠᠵᠤ ᠦᠨᠵᠢᠭᠦᠯᠦᠨ ᠮᠠᠯᠯᠠᠬᠤ᠂ ᠤᠢ ᠮᠣᠳᠣ ᠡᠪᠡᠰᠦ ᠪᠡᠯᠴᠢᠭᠡᠷ ᠢ ᠡᠪᠳᠡᠬᠦ ᠪᠠ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠤᠬᠠᠭᠤᠯᠭ᠎ᠠ ᠬᠢᠪᠡ᠃
      恩和1.jpg
     ᠠᠵᠢᠯᠯᠠᠭᠠᠨ ᠤ ᠳᠤᠮᠳᠠ᠂ ᠡᠯ᠎ᠡ ᠦᠢᠯᠡᠳᠪᠦᠷᠢᠯᠡᠯ ᠤᠨ ᠪᠠᠷᠢᠭᠠᠳᠠ ᠬᠠᠷᠢᠶᠠᠨ ᠤ ᠮᠠᠯᠴᠢᠨ ᠲᠠᠷᠢᠶᠠᠴᠢᠨ ᠢ ᠵᠣᠬᠢᠶᠠᠨ ᠪᠠᠶᠢᠭᠤᠯᠵᠤ ᠂ ᠤᠬᠠᠭᠤᠯᠤᠨ ᠲᠠᠶᠢᠯᠪᠤᠷᠢᠯᠠᠬᠤ ᠬᠤᠷᠠᠯ ᠬᠢᠪᠡ ᠃
      恩和2.jpg
     ᠤᠬᠠᠭᠤᠯᠬᠤ ᠬᠠᠭᠤᠳᠠᠰᠤ ᠲᠠᠷᠬᠠᠭᠠᠬᠤ᠂ ᠡᠯᠭᠦᠭᠡ ᠪᠢᠴᠢᠭᠡᠰᠦ ᠡᠯᠭᠦᠬᠦ ᠵᠡᠷᠭᠡ ᠠᠷᠭ᠎ᠠ ᠬᠡᠯᠪᠡᠷᠢ ᠶᠢ ᠠᠪᠴᠤ᠂ ᠪᠡᠯᠴᠢᠭᠡᠷᠯᠡᠭᠦᠯᠬᠦ ᠶᠢ ᠵᠤᠭᠰᠤᠭᠠᠵᠤ ᠦᠨᠵᠢᠭᠦᠯᠦᠨ ᠮᠠᠯᠯᠠᠬᠤ ᠲᠥᠷᠥ ᠶᠢᠨ ᠪᠣᠳᠣᠯᠭ᠎ᠠ ᠪᠠ ᠣᠶ ᠰᠢᠭᠤᠶ ᠡᠪᠡᠰᠦ ᠪᠡᠯᠴᠢᠭᠡᠷ ᠢ ᠡᠪᠳᠡᠵᠦ ᠠᠲᠠᠷ ᠬᠠᠭᠠᠯᠪᠤᠷᠢᠯᠠᠬᠤ᠂ ᠲᠣᠭᠲᠠᠭᠠᠯ ᠠᠴᠠ ᠵᠥᠷᠢᠴᠡᠨ ᠮᠠᠯ ᠮᠠᠯᠯᠠᠬᠤ ᠂ ᠳᠠᠭᠠᠭᠠᠴᠠ ᠠᠴᠠ ᠬᠡᠲᠦᠷᠡᠭᠦᠯᠦᠨ ᠮᠠᠯ ᠮᠠᠯᠯᠠᠬᠤ ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠵᠡᠷᠭᠡ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠦᠢᠯᠡ ᠠᠵᠢᠯᠯᠠᠭ᠎ᠠ ᠶᠢᠨ ᠬᠠᠤᠯᠢ ᠴᠠᠭᠠᠵᠠ ᠶᠢᠨ ᠦᠷ᠎ᠡ ᠳ᠋ᠦᠩ ᠢ ᠪᠥᠬᠦ ᠲᠠᠯ᠎ᠠ ᠪᠠᠷ ᠲᠦᠭᠡᠮᠡᠯᠵᠢᠭᠦᠯᠵᠦ᠂ ᠣᠯᠠᠨ ᠲᠦᠮᠡᠨ ᠢ ᠬᠥᠲᠥᠯᠦᠨ ᠵᠢᠯᠤᠭᠤᠳᠪᠠ ᠃
     恩和3.jpg
     ᠲᠤᠰ ᠤᠳᠠᠭᠠᠨ ᠤ ᠤᠬᠠᠭᠤᠯᠭ᠎ᠠ ᠨᠢ ᠪᠦᠬᠦ ᠰᠢᠶᠠᠩ ᠤᠨ 5 ᠦᠢᠯᠡᠳᠪᠦᠷᠢᠯᠡᠯ ᠤᠨ ᠪᠠᠷᠢᠭᠠᠳᠠ ᠶᠢ ᠬᠠᠮᠤᠷᠴᠤ᠂ 100 ᠭᠠᠷᠤᠢ ᠮᠠᠯᠴᠢᠨ ᠲᠠᠷᠢᠶᠠᠴᠢᠨ ᠳᠤ  ᠤᠬᠠᠭᠤᠯᠭ᠎ᠠ ᠬᠢᠵᠦ ᠂ ᠨᠡᠶᠢᠳᠡ 300 ᠭᠠᠷᠤᠢ ᠤᠬᠠᠭᠤᠯᠬᠤ ᠬᠠᠭᠤᠳᠠᠰᠤ ᠲᠠᠷᠬᠠᠭᠠᠨ ᠂ ᠤᠯᠠᠨ ᠲᠦᠮᠡᠨ ᠤ ᠠᠰᠠᠭᠤᠯᠲᠠ ᠯᠠᠪᠯᠠᠯᠲᠠ ᠶᠢ 50 ᠭᠠᠷᠤᠢ ᠬᠥᠮᠦᠨ ᠤᠳᠠᠭ᠎ᠠ ᠬᠠᠷᠢᠭᠤᠯᠪᠠ᠃ ᠲᠣᠰ ᠤᠳᠠᠭᠠᠨ ᠤ ᠤᠬᠠᠭᠤᠯᠭ᠎ᠠ ᠪᠠᠷ ᠳᠡᠮᠵᠢᠨ᠂ ᠥᠷᠭᠡᠨ ᠣᠯᠠᠨ ᠮᠠᠯᠴᠢᠨ ᠲᠠᠷᠢᠶᠠᠴᠢᠨ  ᠤ ᠪᠡᠯᠴᠢᠭᠡᠷᠯᠡᠭᠦᠯᠬᠦ ᠶᠢ ᠵᠤᠭᠰᠤᠭᠠᠵᠤ ᠦᠨᠵᠢᠭᠦᠯᠦᠨ ᠮᠠᠯᠯᠠᠬᠤ᠂ ᠣᠶ ᠰᠢᠭᠤᠶ ᠡᠪᠡᠰᠦ ᠪᠡᠯᠴᠢᠭᠡᠷ ᠢ ᠡᠪᠳᠡᠬᠦ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠲᠥᠷᠥ ᠶᠢᠨ ᠪᠣᠳᠣᠯᠭ᠎ᠠ ᠶᠢᠨ ᠲᠤᠬᠠᠶ ᠣᠶᠢᠯᠠᠭᠠᠯᠲᠠ ᠶᠢ ᠭᠦᠨᠵᠡᠭᠡᠶᠢᠷᠡᠭᠦᠯᠦᠨ᠂ ᠠᠮᠢ ᠠᠬᠤᠶ ᠶᠢᠨ ᠬᠠᠮᠠᠭᠠᠯᠠᠯᠲᠠ ᠶᠢᠨ ᠤᠬᠠᠮᠰᠠᠷ ᠪᠠ ᠬᠠᠤᠯᠢ ᠴᠠᠭᠠᠵᠠ ᠶᠢᠨ ᠤᠬᠠᠮᠰᠠᠷ ᠢ ᠴᠢᠩᠭᠠᠳᠬᠠᠪᠠ᠃
     恩和4.jpg
     ᠳᠠᠷᠠᠭᠠᠴᠢ ᠶᠢᠨ ᠠᠯᠬᠤᠮ ᠳᠤ᠂ ᠡᠩᠬᠡ ᠶᠢᠨ ᠤᠷᠤᠰ ᠦᠨᠳᠦᠰᠦᠲᠡᠨ ᠤ ᠰᠢᠶᠠᠩ ᠠᠮᠢ ᠠᠬᠤᠢ ᠶᠢᠨ ᠬᠠᠮᠠᠭᠠᠯᠠᠯᠲᠠ ᠶᠢ ᠤᠬᠠᠭᠤᠯᠬᠤ ᠬᠦᠴᠦᠯᠡᠴᠡ ᠪᠠᠨ ᠦᠷᠭᠦᠯᠵᠢᠯᠡᠨ ᠴᠢᠩᠭᠠᠷᠠᠭᠤᠯᠵᠤ᠂ ᠤᠬᠠᠭᠤᠯᠬᠤ ᠬᠡᠯᠪᠡᠷᠢ ᠪᠠᠨ ᠰᠢᠨᠡᠴᠢᠯᠡᠨ᠂ ᠤᠯᠠᠨ ᠲᠦᠮᠡᠨ ᠤ ᠬᠠᠤᠯᠢ ᠶᠢ ᠮᠡᠳᠡᠬᠦ᠂ ᠬᠠᠤᠯᠢ ᠶᠢ ᠣᠶᠢᠯᠠᠭᠠᠬᠤ᠂ ᠬᠠᠤᠯᠢ ᠶᠢ ᠬᠦᠨᠳᠦᠳᠬᠡᠬᠦ᠂ ᠬᠠᠤᠯᠢ ᠶᠢ ᠰᠠᠬᠢᠬᠤ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠵᠤ᠂ ᠴᠢᠩᠭ᠎ᠠ ᠬᠢᠨᠠᠨ ᠬᠠᠮᠢᠶᠠᠷᠴᠤ᠂ ᠠᠮᠢ ᠠᠬᠤᠢ ᠶᠢᠨ ᠬᠠᠮᠠᠭᠠᠯᠠᠯᠲᠠ ᠶᠢᠨ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠦᠨ᠎ᠡ᠃
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ